ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠵᠥᠪᠯᠡᠯ ᠤᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠠᠩ ᠱᠧᠩ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ‌ᠡᠵᠡᠮᠳᠡᠬᠦ ᠵᠡᠷᠭᠡ ᠠᠵᠢᠯ ᠢ ᠪᠠᠶᠢᠴᠠᠭᠠᠨ ᠵᠢᠯᠤᠭᠤᠳᠣᠬᠰᠡᠨ
ᠨᠡᠶᠢᠲᠡᠯᠡᠭᠰᠡᠨ ᠴᠠᠭ᠄
2022/9/27
                ᠰᠣᠷᠪᠣᠯᠵᠢᠯᠠᠬᠴᠢ᠄ ᠬᠤᠷᠸ᠎ᠠ ᠰᠦᠨ ᠰᠢᠶᠣᠣ ᠵᠢᠶᠧ ᠸᠠᠩ ᠫᠧᠩ

  ᠣᠳᠣᠷᠢᠳᠬᠠᠯ᠄ 9. 22 ᠎ ᠤᠨ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ

ᠵᠥᠪᠯᠡᠯ ᠤᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠠᠩ ᠱᠧᠩ ᠭᠤᠣᠯᠳᠠᠯᠭ᠎ᠠ ᠲᠠᠢ ᠠᠵᠤ

ᠠᠬᠤᠶᠢᠯᠠᠯ ᠪᠣᠯᠣᠨ ᠬᠠᠯᠠᠭᠠᠶᠢᠲᠦ ᠲᠠᠷᠢᠶᠠᠯᠠᠩ ᠮᠠᠯᠵᠢᠯ ᠤᠨ ᠲᠠᠯᠠᠪᠠᠢ ᠶᠢᠨ ᠵᠠᠮ ᠬᠠᠷᠢᠯᠴᠠᠭᠠᠨ ᠤ ᠪᠠᠶᠢᠴᠠᠭᠠᠯᠲᠠ ᠶᠢᠨ

ᠴᠡᠭ ᠲᠤ ᠭᠦᠨᠵᠡᠭᠡᠶᠢᠷᠡᠨ᠂ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭ᠊ ‍ᠤ᠋᠂ ᠤᠢ

ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠ ᠮᠠᠯ ᠠᠵᠤ ᠠᠬᠤᠢ ᠲᠠᠷᠢᠶᠠᠯᠠᠩ ᠤᠨ

ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠵᠢᠯᠤᠭᠤᠳᠣᠬᠰᠡᠨ ᠪᠠᠶᠢᠨ᠎ᠠ᠃

  ᠮᠡᠳᠡᠭᠡ᠄ ᠬᠠᠯᠠᠭᠠᠶᠢᠲᠦ ᠲᠠᠷᠢᠶᠠᠯᠠᠩ ᠮᠠᠯᠵᠢᠯ ᠤᠨ ᠲᠠᠯᠠᠪᠠᠢ ᠶᠢᠨ ᠳ᠋ᠠ ᠱᠠᠨ ᠬᠠᠶᠢᠯᠤᠭᠤᠷ ᠵᠤᠩᠰᠢ ᠶᠢᠨ ᠠᠭᠤᠷᠬᠠᠢ

᠂ ᠳ᠋ᠠ ᠲᠠᠩ ᠰᠠᠯᠬᠢᠨ ᠬᠦᠴᠦᠨ ᠤ ᠴᠠᠬᠢᠯᠭᠠᠨ ᠤ ᠲᠠᠯᠠᠪᠠᠢ ᠵᠡᠷᠭᠡ ᠠᠵᠤ ᠠᠬᠤᠶᠢᠯᠠᠯ ᠳᠤ ᠪᠠᠶᠢᠴᠠᠭᠠᠯᠲᠠ ᠬᠢᠬᠦ ᠳᠡᠭᠡᠨ᠂

ᠴᠠᠩ ᠱᠧᠩ ᠠᠴᠠ᠂ ᠠᠵᠤ ᠠᠬᠤᠶᠢᠯᠠᠯ ᠤᠨ ᠬᠢᠨ ︿︿ᠠᠮᠢ ᠨᠠᠰᠤ ᠶᠢ ᠳᠡᠭᠡᠳᠦᠯᠡᠵᠦ᠂ ᠠᠮᠤᠷ ᠲᠦᠪᠰᠢᠨ ᠢ

ᠲᠡᠷᠢᠭᠦᠨ ᠳᠤ ᠲᠠᠯᠪᠢᠬᠤ﹀﹀ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠮᠢᠨᠴᠦᠭᠦᠷᠡᠨ ᠲᠠᠶᠢᠪᠤᠰᠢᠷᠠᠬᠤ ᠦᠵᠡᠯ

ᠰᠠᠨᠠᠭ᠎ᠠ ᠶᠢ ᠡᠷᠡᠰ ᠲᠡᠪᠴᠢᠵᠦ᠂ ᠨᠠᠷᠢᠨ ᠨᠢᠮᠪᠠᠢ ᠪᠠᠷ ᠠᠵᠤ ᠠᠬᠤᠶᠢᠯᠠᠯ ᠤᠨ ᠭᠤᠣᠯ ᠴᠣᠭᠴᠠ ᠶᠢᠨ

ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ

ᠡᠵᠡᠮᠳᠡᠬᠦ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ

ᠬᠢᠵᠦ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠦᠢᠯᠡᠳᠪᠦᠷᠢ ᠶᠢᠨ ᠲᠣᠭᠤᠷᠢᠭ ᠤᠨ

ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ

ᠪᠠᠶᠢᠭᠤᠯᠤᠯᠲᠠ ᠶᠢ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ

ᠬᠠᠮᠠᠭᠠᠯᠠᠬᠤ ᠬᠡᠷᠡᠭᠲᠡᠢ ᠭᠡᠰᠡᠨ ᠪᠠᠶᠢᠨ᠎ᠠ᠃

  ᠬᠠᠯᠠᠭᠠᠶᠢᠲᠦ ᠲᠠᠷᠢᠶᠠᠯᠠᠩ ᠮᠠᠯᠵᠢᠯ ᠤᠨ ᠲᠠᠯᠠᠪᠠᠢ ᠶᠢᠨ ᠵᠠᠮ ᠬᠠᠷᠢᠯᠴᠠᠭᠠᠨ ᠤ ᠪᠠᠶᠢᠴᠠᠭᠠᠯᠲᠠ ᠶᠢᠨ ᠴᠡᠭ ᠲᠤ᠂ ᠴᠠᠩ

ᠱᠧᠩ ᠨᠢᠭᠡᠳᠦᠭᠡᠷ ᠹᠷᠣᠨᠲ ᠤᠨ ᠵᠢᠵᠢᠭᠦᠷᠯᠡᠭᠴᠢ ᠶᠢ ᠲᠣᠬᠤᠨᠢᠭᠤᠯᠵᠤ ᠪᠠᠶᠢᠬᠤ ᠪᠠᠨ ᠢᠯᠡᠳᠬᠡᠨ᠂ ᠳᠡᠳᠡᠨ ᠳᠤ

ᠬᠦᠢᠲᠡᠨ ᠢ ᠰᠡᠷᠭᠡᠶᠢᠯᠡᠨ ᠳᠤᠯᠠᠭᠠᠨ ᠢ ᠬᠠᠮᠠᠭᠠᠯᠠᠬᠤ ᠪᠠ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠬᠦ

ᠬᠡᠷᠡᠭᠲᠡᠢ ᠭᠡᠵᠦ ᠰᠠᠨᠠᠭᠤᠯᠬᠤ ᠶᠢᠨ ᠬᠠᠮᠲᠤ᠂ ᠬᠦᠴᠢᠷ ᠪᠡᠷᠬᠡ ᠠᠴᠠ ᠠᠶᠤᠬᠤ ᠦᠭᠡᠢ᠂ ᠦᠷᠭᠦᠯᠵᠢᠯᠡᠨ ᠪᠠᠶᠢᠯᠳᠤᠬᠤ

ᠵᠣᠷᠢᠭ ᠰᠠᠨᠠᠭ᠎ᠠ ᠶᠢ ᠪᠠᠳᠠᠷᠠᠭᠤᠯᠵᠤ᠂ ᠭᠠᠳᠠᠨ᠎ᠠ ᠠᠴᠠ ᠬᠠᠯᠳᠠᠪᠦᠷᠢᠯᠠᠨ ᠣᠷᠣᠬᠤ ᠶᠢ ᠰᠡᠷᠭᠡᠶᠢᠯᠡᠬᠦ ᠡᠯ᠎ᠡ ᠵᠦᠢᠯ ᠤᠨ

ᠪᠠᠶᠢᠴᠠᠭᠠᠨ ᠰᠢᠯᠭᠠᠬᠤ ᠪᠠ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ

ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃

ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢ ᠪᠠᠶᠢᠴᠠᠭᠠᠬᠤ ᠥᠷᠲᠡᠭᠡ ᠶᠢᠨ ᠪᠠᠶᠢᠷᠢᠯᠠᠭᠤᠯᠤᠯᠲᠠ ᠶᠢ ᠤᠯᠠᠮ ᠨᠢᠭᠡ

ᠠᠯᠬᠤᠮ ᠰᠢᠯᠢᠳᠡᠭᠵᠢᠭᠦᠯᠵᠦ᠂ ᠲᠡᠷᠭᠡ ᠣᠨᠤᠭ᠎ᠠ ᠶᠢ ᠰᠠᠯᠭᠠᠨ ᠶᠠᠪᠤᠭᠤᠯᠬᠤ ᠵᠠᠮ᠂ ᠲᠡᠷᠭᠡᠨ ᠵᠣᠭᠰᠣᠭᠠᠯ ᠵᠡᠷᠭᠡ ᠶᠢᠨ

ᠪᠠᠶᠢᠷᠢᠰᠢᠭᠤᠯᠤᠯᠲᠠ ᠶᠢ ᠭᠦᠢᠴᠡᠳ ᠪᠣᠳᠣᠯᠬᠢᠯᠠᠨ᠂ ᠪᠠᠶᠢᠴᠠᠭᠠᠵᠤ ᠰᠡᠷᠭᠡᠶᠢᠯᠡᠨ ᠡᠵᠡᠮᠳᠡᠬᠦ ᠶᠢ ᠪᠣᠳᠠᠲᠠᠶᠢᠵᠢᠭᠤᠯᠬᠤ ᠪᠠᠷ

ᠪᠠᠷᠠᠬᠤ ᠦᠭᠡᠢ ᠪᠠᠰᠠ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠬᠡᠷᠡᠭᠲᠡᠢ ᠭᠡᠰᠡᠨ ᠪᠠᠶᠢᠨ᠎ᠠ᠃

  ᠬᠠᠮᠢᠶᠠᠷᠤᠯᠲᠠ ᠶᠢᠨ ᠣᠷᠣᠨ ᠤ ᠨᠠᠮ ᠵᠠᠰᠠᠭ ᠤᠨ ᠠᠯᠪᠠᠨ ᠭᠡᠷ᠂ ᠠᠵᠤ ᠦᠢᠯᠡᠳᠪᠦᠷᠢ ᠪᠠ ᠮᠡᠳᠡᠭᠡ

ᠵᠠᠩᠭᠢᠵᠢᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ

ᠬᠠᠷᠢᠭᠤᠴᠠᠯᠭᠠᠲᠠᠨ ᠪᠠᠷ᠎ᠠ ᠪᠤᠯᠤᠬᠰᠡᠨ ᠪᠠᠶᠢᠨ᠎ᠠ᠃

 
ᠢᠷᠡᠯᠲᠡ᠄ ᠣᠯᠠᠭᠠᠢ ᠬᠠᠮᠢᠶᠠᠷᠤᠯᠲᠠ ᠶᠢᠨ ᠣᠷᠣᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号