ᠠᠷᠪᠠᠨ ᠵᠢᠯ ᠤᠨ ᠲᠤᠷᠰᠢ᠂ ᠮᠠᠨ ᠤ ᠤᠯᠤᠰ ᠤᠨ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ | ᠲᠣᠭᠲᠠᠭᠤᠨ ᠪᠠᠶᠢᠵᠤ᠂ ᠨᠡᠶᠢᠭᠡᠮ ᠤᠨ ᠪᠠᠲᠤᠯᠠᠭᠠᠨ ᠤ ᠬᠠᠮᠤᠷᠬᠤ ᠬᠡᠪᠴᠢᠶ᠎ᠡ ᠲᠠᠰᠤᠷᠠᠯᠲᠠ ᠦᠭᠡᠢ ᠥᠷᠭᠡᠵᠢᠵᠦ | ᠢᠷᠠᠵᠠᠢ᠃ ᠥᠩᠭᠡᠷᠡᠭᠰᠡᠨ ᠠᠷᠪᠠᠨ ᠵᠢᠯ ᠳᠤ᠂ ᠮᠠᠨ ᠤ ᠤᠯᠤᠰ ᠤᠨ ᠬᠤᠲᠠ ᠪᠠᠯᠭᠠᠰᠤᠨ ᠳᠤ ᠰᠢᠨ᠎ᠡ ᠪᠠᠷ ᠨᠡᠮᠡᠭᠳᠡᠭᠰᠡᠨ | ᠠᠵᠢᠯ ᠣᠯᠣᠭᠰᠠᠨ ᠬᠥᠮᠥᠨ ᠤ ᠲᠤᠭ᠎ᠠ ᠳᠤᠮᠳᠠᠴᠢ ᠪᠠᠷ ᠵᠢᠯ ᠪᠦᠷᠢ 1300 ᠲᠦᠮᠡ ᠶᠢ ᠳᠠᠪᠠᠵᠤ᠂ ᠬᠤᠲᠠ | ᠪᠠᠯᠭᠠᠰᠤᠨ ᠤ ᠨᠡᠶᠢᠲᠡ 1 ᠳ᠋ᠦᠩᠰᠢᠭᠤᠷ 3000 ᠲᠦᠮᠡᠨ ᠬᠥᠮᠥᠨ ᠳᠤ ᠠᠵᠢᠯ ᠣᠯᠭᠤᠵᠠᠢ᠃ | ᠠᠷᠪᠠᠨ ᠵᠢᠯ ᠤᠨ ᠲᠤᠷᠰᠢ᠂ ᠮᠠᠨ ᠤ ᠤᠯᠤᠰ ᠤᠨ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢᠨ | ᠪᠠᠶᠢᠳᠠᠯ ᠲᠣᠭᠲᠠᠭᠤᠨ ᠪᠣᠯᠵᠤ ᠢᠷᠠᠵᠠᠢ᠃ ᠶᠡᠭᠡ ᠳᠡᠭᠡᠳᠦ ᠰᠤᠷᠭᠠᠭᠤᠯᠢ ᠶᠢᠨ 8000 ᠭᠠᠷᠤᠢ ᠲᠦᠮᠡᠨ ᠲᠡᠭᠦᠰᠬᠦ | ᠣᠶᠤᠲᠠᠨ ᠤ ᠠᠵᠢᠯ ᠣᠯᠣᠭᠰᠠᠨ ᠶᠡᠷᠦᠩᠬᠡᠢ ᠪᠠᠶᠢᠳᠠᠯ ᠨᠢ ᠲᠣᠭᠲᠠᠭᠤᠨ ᠪᠠᠶᠢᠵᠤ᠂ ᠠᠵᠢᠯᠴᠢᠨ ᠤ ᠶᠡᠷᠦᠩᠬᠡᠢ ᠲᠤᠭ᠎ᠠ | ᠨᠡᠮᠡᠭᠳᠡᠭᠡᠳ 2 ᠳ᠋ᠦᠩᠰᠢᠭᠤᠷ 9000 ᠲᠦᠮᠡ ᠳᠤ ᠬᠦᠷᠴᠦ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ | ᠬᠦᠴᠦᠨ ᠤ ᠬᠥᠯᠥᠰᠦᠨ ᠠᠵᠢᠯ ᠬᠢᠵᠦ ᠪᠠᠶᠢᠭ᠎ᠠ ᠲᠤᠭ᠎ᠠ ᠬᠡᠮᠵᠢᠶ᠎ᠡ ᠨᠢ 3000 ᠲᠦᠮᠡ ᠢᠯᠡᠭᠦᠦ ᠪᠣᠯᠵᠠᠢ᠃ | ᠡᠭᠦᠨ ᠤ ᠬᠠᠮᠲᠤ᠂ ᠮᠠᠨ ᠤ ᠤᠯᠤᠰ ᠤᠨ ᠨᠡᠶᠢᠭᠡᠮ ᠤᠨ ᠪᠠᠲᠤᠯᠠᠭᠠᠨ ᠤ ᠰᠢᠰᠲ᠋ᠧᠮ ᠲᠣᠭᠲᠠᠴᠠ ᠶᠢᠨ ᠪᠠᠶᠢᠭᠤᠯᠤᠯᠲᠠ | ᠮᠥᠨ ᠲᠦᠷᠭᠡᠰᠴᠡᠢ᠃ ᠮᠠᠨ ᠤ ᠤᠯᠤᠰ ᠨᠢᠭᠡᠨᠲᠡ ᠢᠯᠡ ᠲᠣᠳᠣ ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠢ | ᠳᠡᠭᠡᠷ᠎ᠡ ᠬᠡᠪᠴᠢᠶ᠎ᠡ ᠪᠠᠷ ᠬᠠᠮᠤᠭ ᠤᠨ ᠶᠡᠭᠡ᠂ ᠦᠢᠯᠡᠳᠦᠯ ᠴᠢᠳᠠᠪᠬᠢ ᠨᠢ ᠬᠠᠮᠤᠭ ᠤᠨ ᠪᠦᠷᠢᠨ ᠲᠥᠬᠦᠷ ᠨᠡᠶᠢᠭᠡᠮ ᠤᠨ | ᠪᠠᠲᠤᠯᠠᠭᠠᠨ ᠤ ᠰᠢᠰᠲ᠋ᠧᠮ ᠢ ᠪᠠᠶᠢᠭᠤᠯᠵᠠᠢ᠃ ᠦᠨᠳᠦᠰᠦᠨ ᠨᠠᠰᠤᠵᠢᠯ᠂ ᠠᠵᠢᠯ ᠠᠯᠳᠠᠬᠤ᠂ ᠠᠵᠢᠯ ᠤᠨ ᠰᠢᠷᠬᠠᠲᠤᠯ | ᠵᠡᠷᠭᠡ ᠭᠤᠷᠪᠠᠨ ᠲᠥᠷᠥᠯ ᠤᠨ ᠨᠡᠶᠢᠭᠡᠮ ᠤᠨ ᠪᠠᠲᠤᠯᠠᠭᠠᠨ ᠳᠤ ᠣᠷᠣᠯᠴᠠᠭᠰᠠᠨ ᠬᠥᠮᠥᠨ ᠤ ᠲᠤᠭ᠎ᠠ 2022 ᠣᠨ ᠤ | 6 ᠳ᠋ᠤᠭᠠᠷ ᠰᠠᠷ᠎ᠠ ᠪᠣᠯᠬᠤ ᠳᠤ᠂ ᠲᠤᠰ ᠲᠤᠰ 10 ᠳ᠋ᠦᠩᠰᠢᠭᠤᠷ 4000 ᠲᠦᠮᠡ᠂ 2 ᠳ᠋ᠦᠩᠰᠢᠭᠤᠷ 3000 | ᠲᠦᠮᠡ᠂ 2 ᠳ᠋ᠦᠩᠰᠢᠭᠤᠷ 9000 ᠲᠦᠮᠡ ᠪᠣᠯᠵᠤ᠂ ᠠᠷᠪᠠᠨ ᠵᠢᠯ ᠤᠨ ᠳᠣᠲᠣᠷ᠎ᠠ ᠵᠥᠪᠬᠡᠨ ᠨᠠᠰᠤᠵᠢᠯ ᠤᠨ | ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠳᠠᠷᠤᠢ 2 ᠳ᠋ᠦᠩᠰᠢᠭᠤᠷ 5000 ᠲᠦᠮᠡ ᠨᠡᠮᠡᠭᠳᠡᠵᠡᠢ᠃ | ᠪᠠᠲᠤᠯᠠᠭᠠᠨ ᠤ ᠴᠢᠳᠠᠪᠤᠷᠢ ᠨᠢ ᠦᠷᠭᠦᠯᠵᠢᠯᠡᠨ ᠴᠢᠩᠭᠠᠷᠠᠵᠤ᠂ ᠬᠠᠮᠢᠶᠠᠷᠤᠯᠲᠠ ᠶᠢᠨ ᠬᠢᠷᠢ ᠲᠦᠪᠰᠢᠨ ᠨᠢ ᠳᠦᠷᠢᠮᠵᠢᠵᠦ᠂ | ᠪᠠᠷᠢᠮᠵᠢᠶ᠎ᠠ ᠲᠠᠢ ᠪᠣᠯᠵᠤ᠂ ᠴᠢᠮᠡᠭᠡ ᠵᠠᠩᠭᠢᠴᠢᠯᠠᠭᠰᠠᠨ ᠬᠢᠷᠢ ᠲᠦᠪᠰᠢᠨ ᠨᠢ ᠮᠥᠨ ᠢᠯᠡᠷᠬᠡᠢ ᠳᠡᠭᠡᠭᠰᠢᠯᠡᠪᠡ ᠭᠡᠵᠡᠢ᠃ | | | |