ᠤᠯᠤᠰ ᠤᠨ ᠰᠢᠯᠭᠠᠯᠲᠠ ᠳᠤ ᠶᠡᠭᠡ ᠥᠭᠡᠷᠡᠴᠢᠯᠡᠯᠲᠡ ᠬᠢᠯ᠎ᠡ
ᠨᠡᠶᠢᠲᠡᠯᠡᠭᠰᠡᠨ ᠴᠠᠭ᠄
2022/9/7

   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠂ ︽ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠨᠢᠭᠡᠳᠦᠯᠲᠡᠢ ᠰᠢᠯᠭᠠᠯᠲᠠ ᠶᠢᠨ

ᠶᠡᠷᠦᠩᠬᠡᠶᠢᠯᠡᠭᠰᠡᠨ ᠥᠭᠡᠷᠡᠴᠢᠯᠡᠯᠲᠡ︾᠎ ᠶᠢᠨ ᠳᠣᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ

ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠣᠬᠠᠢ ᠬᠡᠷᠡᠭᠵᠢᠭᠦᠯᠬᠦ ᠲᠥᠰᠥᠯ︾᠎ ᠢ ᠠᠯᠪᠠᠨ ᠶᠤᠰᠤᠭᠠᠷ

ᠳᠠᠷᠤᠮᠠᠯᠯᠠᠨ ᠲᠠᠷᠬᠠᠭᠠᠵᠤ᠂ 2022 ᠣᠨ ᠤ ᠨᠠᠮᠤᠷ ᠤᠨ ᠤᠯᠠᠷᠢᠯ ᠠᠴᠠ ᠳᠡᠬᠡᠳᠦ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠨᠢᠭᠡᠳᠦᠭᠡᠷ ᠣᠨ ᠳᠤ ᠣᠷᠣᠬᠤ ᠰᠤᠷᠤᠭᠴᠢᠳ ᠠᠴᠠ ᠡᠬᠢᠯᠡᠨ ᠦᠭᠡᠷᠡᠴᠢᠯᠡᠯᠳᠡ ᠶᠢᠨ ᠳᠦᠷᠢᠮ ᠢ

ᠬᠡᠷᠡᠭᠵᠢᠬᠦᠯᠬᠦ ᠪᠠᠷ ᠪᠠᠶᠢᠨ᠎ᠠ᠃

   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠠᠮᠢᠶᠠᠳᠠᠢ

ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ

ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠳᠤ ᠭᠤᠣᠯᠳᠠᠭᠤ ᠳᠥᠷᠪᠡᠨ ᠲᠠᠯ᠎ᠠ ᠶᠢᠨ ᠠᠭᠤᠯᠭ᠎ᠠ ᠪᠠᠭᠲᠠᠨ᠎ᠠ᠄

ᠨᠢᠭᠡ ᠳᠤ᠂ ᠡᠩ ᠤᠨ ᠳᠡᠬᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠯᠭ᠎ᠠ ᠶᠢᠨ ᠬᠢᠷᠢ ᠪᠦᠳᠦᠮᠵᠢ ᠶᠢᠨ

ᠰᠢᠯᠭᠠᠯᠳᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠬᠤᠶᠠᠷ ᠲᠤ᠂ ᠡᠩ ᠤᠨ ᠳᠡᠬᠡᠳᠦ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠰᠣᠷᠣᠭᠴᠢ ᠶᠢᠨ ᠶᠡᠷᠦᠩᠬᠡᠢ ᠬᠢᠷᠢ ᠪᠣᠯᠪᠠᠰᠤᠷᠠᠯ ᠤᠨ ᠦᠨᠡᠯᠡᠯᠲᠡ ᠶᠢᠨ ᠳᠦᠷᠢᠮ ᠢ

ᠳᠦᠷᠢᠮᠵᠢᠬᠦᠯᠦᠨ᠎ᠡ᠃ ᠭᠤᠷᠪᠠ ᠳᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ

ᠰᠢᠯᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ︔ ᠳᠥᠷᠪᠡ ᠳᠤ᠂ ᠳᠡᠭᠡᠳᠦ ᠵᠡᠷᠭᠡ ᠶᠢᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠦᠷᠦᠯ ᠬᠤᠪᠢᠶᠠᠨ ᠰᠢᠯᠭᠠᠵᠤ ᠰᠤᠷᠤᠭᠴᠢ ᠡᠯᠰᠡᠬᠦ ᠥᠭᠡᠷᠡᠴᠢᠯᠡᠯᠲᠡ ᠶᠢ

ᠠᠬᠢᠭᠤᠯᠤᠨ᠎ᠠ᠃ 2025 ᠣᠨ ᠪᠣᠯᠬᠤ ᠳᠤ᠂ ᠲᠥᠷᠥᠯ ᠬᠤᠪᠢᠶᠠᠨ ᠰᠢᠯᠭᠠᠬᠤ᠂ ᠶᠡᠷᠦᠩᠬᠡᠶᠢᠯᠡᠨ ᠦᠨᠡᠯᠡᠬᠦ᠂ ᠣᠯᠠᠨ

ᠳᠠᠯ᠎ᠠ ᠪᠠᠷ ᠡᠯᠰᠡᠬᠦ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠳᠦᠷᠢᠮ ᠢ ᠦᠨᠳᠦᠰᠦᠨ ᠳᠡᠭᠡᠨ

ᠪᠣᠶ ᠪᠣᠯᠭᠠᠵᠤ᠂ ᠲᠥᠪ ᠭᠤᠥᠯᠴᠢ᠂ ᠰᠢᠨᠵᠢᠯᠡᠬᠦ ᠤᠬᠠᠭᠠᠨᠴᠢ ᠪᠠᠷ ᠴᠢᠳᠠᠪᠤᠷᠢᠲᠠᠨ ᠰᠣᠩᠭᠤᠬᠤ ᠶᠢ ᠠᠬᠢᠭᠤᠯᠬᠤ᠂

ᠡᠷᠴᠢᠮᠳᠡᠢ ᠬᠢᠨᠠᠯᠲᠠ ᠲᠠᠯᠪᠢᠬᠤ ᠰᠢᠰᠲ᠋ᠧᠮ ᠲᠣᠭᠲᠠᠴᠠ ᠶᠢ ᠪᠦᠷᠢᠨᠰᠢᠭᠦᠯᠦᠨ᠎ᠡ ᠬᠡᠵᠠᠢ᠃

     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠶᠡᠭᠡ ᠳᠡᠭᠡᠳᠦ ᠰᠤᠷᠭᠠᠭᠤᠯᠢ ᠳᠤ ᠰᠣᠷᠣᠭᠴᠢ

ᠡᠯᠰᠡᠬᠦ ᠰᠢᠯᠭᠠᠯᠲᠠ ᠶᠢᠨ ᠰᠢᠨ᠎ᠡ ᠳᠦᠷᠢᠮ︾᠎ ᠢ ᠬᠡᠷᠡᠭᠵᠢᠭᠦᠯᠦᠭᠰᠡᠨ ᠤ ᠳᠠᠷᠠᠭ᠎ᠠ᠂ ᠡᠩ ᠤᠨ ᠶᠡᠭᠡ ᠳᠡᠭᠡᠳᠦ

ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠴᠢᠶᠡᠯ ᠲᠥᠷᠥᠯ ᠢ ᠨᠡᠶᠢᠭᠡᠮ ᠤᠨ ᠰᠢᠨᠵᠢᠯᠡᠬᠦ ᠤᠬᠠᠭᠠᠨ ᠪᠠ

ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠭᠡᠵᠦ ᠳᠠᠭᠢᠵᠤ ᠬᠤᠪᠢᠶᠠᠬᠤ ᠦᠭᠡᠢ᠂ ᠬᠠᠷᠢᠨ ︽3+1+2︾

ᠵᠠᠭᠪᠤᠷ ᠢ ᠬᠡᠷᠡᠭᠵᠢᠭᠦᠯᠦᠨ᠎ᠡ᠃ ᠣᠲᠣ ᠶᠢᠨ ᠬᠡᠷᠡᠭᠵᠢᠭᠦᠯᠵᠦ ᠪᠠᠶᠢᠭ᠎ᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ

ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠣᠷᠣᠭᠴᠢ ᠡᠯᠰᠡᠬᠦ ᠵᠠᠭᠪᠤᠷ ᠲᠠᠢ ᠠᠳᠠᠯᠢ ᠦᠭᠡᠢ ᠨᠢ

ᠭᠡᠪᠡᠯ᠂ 2025 ᠣᠨ ᠠᠴᠠ ᠡᠬᠢᠯᠡᠨ᠂ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ

ᠰᠢᠯᠭᠠᠯᠳᠠ ᠨᠢ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ

ᠰᠢᠯᠭᠠᠯᠲᠠ ᠶᠢᠨ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ 3 ᠲᠥᠷᠥᠯ ᠤᠨ ᠬᠢᠴᠢᠶᠡᠯ ᠤᠨ

ᠬᠢᠷᠢ ᠪᠦᠲᠦᠮᠵᠢ ᠶᠢ ᠦᠨᠳᠦᠰᠦᠯᠡᠨ᠎ᠡ᠂ ᠪᠠᠰᠠ ᠳᠡᠬᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ

ᠬᠢᠷᠢ ᠲᠦᠪᠰᠢᠨ ᠤ ᠰᠢᠯᠭᠠᠯᠲᠠ ᠶᠢᠨ 3 ᠲᠥᠷᠥᠯ ᠤᠨ ᠰᠣᠩᠭᠤᠨ ᠰᠢᠯᠭᠠᠬᠤ ᠬᠢᠴᠢᠶᠡᠯ ᠤᠨ ᠬᠢᠷᠢ ᠪᠦᠲᠦᠮᠵᠢ ᠶᠢ

ᠦᠨᠳᠦᠰᠦᠯᠡᠨ᠎ᠡ᠃ ᠳᠡᠬᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠪᠦᠲᠦᠮᠵᠢ ᠶᠢ ᠶᠡᠭᠡ

ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠶᠢᠨ ᠴᠢᠬᠤᠯᠠ ᠦᠨᠳᠦᠰᠦᠯᠡᠯ ᠪᠣᠯᠭᠠᠬᠤ ᠪᠣᠯ ︽ᠶᠡᠭᠡ ᠳᠡᠭᠡᠳᠦ

ᠰᠤᠷᠭᠠᠭᠤᠯᠢ  ᠶᠢᠨ ᠰᠣᠷᠣᠭᠴᠢ ᠡᠯᠰᠡᠬᠦ ᠰᠢᠨ᠎ᠡ ᠮᠠᠶ᠋ᠢᠭ ᠤᠨ ᠰᠢᠯᠭᠠᠯᠲᠠ︾᠎ ᠶᠢᠨ ᠨᠢᠭᠡᠨ ᠳᠣᠪᠤᠶᠢᠮ᠎ᠠ ᠤᠨᠴᠠᠯᠢᠭ

ᠮᠥᠨ᠂ ᠡᠨᠡ ᠨᠢ ᠰᠤᠷᠤᠭᠴᠢᠳ ᠢ ᠬᠥᠲᠥᠯᠥᠨ ᠵᠢᠯᠤᠭᠤᠳᠴᠤ ᠬᠢᠴᠢᠶᠡᠯ ᠨᠢᠭᠡᠪᠦᠷᠢ ᠶᠢ ᠨᠠᠷᠢᠨ ᠬᠢᠨᠠᠮᠠᠭᠠᠢ

ᠰᠤᠷᠤᠯᠴᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠰᠢᠯᠢᠨ ᠰᠣᠩᠭᠤᠬᠤ ᠳᠤ ᠨᠥᠬᠦᠴᠡᠯ

ᠪᠦᠷᠢᠯᠳᠦᠭᠦᠯᠵᠦ ᠥᠭᠬᠦ ᠶᠢᠨ ᠲᠥᠯᠥᠭᠡ ᠶᠤᠮ᠃

 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号