2022 ᠣᠨ ᠳᠤ ᠣᠯᠠᠨ ᠨᠡᠶᠢᠲᠡ ᠶᠢᠨ ᠠᠩᠬᠠᠷᠴᠤ ᠪᠠᠶᠢᠭ᠎ᠠ ᠥᠪᠥᠷ ᠮᠣᠩᠭᠤᠯ ᠤᠨ ᠠᠷᠪᠠᠨ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠣᠨᠢᠨ ᠮᠡᠳᠡᠭᠡ ᠪᠠ ᠠᠷᠪᠠᠨ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠬᠢᠴᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2023/1/10

  1 ᠳ᠋ᠦ᠋ᠭᠡᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ

ᠲᠢᠩᠬᠢᠮ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ

ᠬᠤᠷᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠡᠳᠦᠷ ᠤᠨ ᠰᠣᠨᠢᠨ ᠤ ᠬᠤᠷᠢᠶ᠎ᠠ ᠶᠢᠨ ᠥᠪᠥᠷ ᠮᠣᠩᠭᠤᠯ ᠤᠨ

ᠰᠤᠷᠪᠤᠯᠵᠢᠯᠠᠭᠴᠢ ᠶᠢᠨ ᠥᠷᠲᠡᠭᠡ ᠬᠠᠮᠲᠤ ᠪᠠᠷ ᠰᠣᠩᠭᠤᠨ ᠭᠠᠷᠭᠠᠭᠰᠠᠨ 2022 ᠣᠨ ᠤ ᠣᠯᠠᠨ ᠨᠡᠶᠢᠲᠡ ᠶᠢᠨ

ᠠᠩᠬᠠᠷᠴᠤ ᠪᠠᠶᠢᠭ᠎ᠠ ᠥᠪᠥᠷ ᠮᠣᠩᠭᠤᠯ ᠤᠨ ᠠᠷᠪᠠᠨ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠣᠨᠢᠨ ᠮᠡᠳᠡᠭᠡ ᠪᠠ

ᠠᠷᠪᠠᠨ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠬᠢᠴᠠ ᠶᠢ ᠨᠡᠶᠢᠲᠡᠯᠡᠪᠡ᠃
    2022 ᠣᠨ ᠳᠤ ᠣᠯᠠᠨ

ᠨᠡᠶᠢᠲᠡ ᠶᠢᠨ ᠠᠩᠬᠠᠷᠤᠯ ᠢ ᠲᠠᠲᠠᠭᠰᠠᠨ ᠥᠪᠥᠷ ᠮᠣᠩᠭᠤᠯ ᠤᠨ ᠠᠷᠪᠠᠨ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ

ᠰᠣᠨᠢᠨ ᠮᠡᠳᠡᠭᠡ ᠪᠣᠯ ᠲᠣᠰ ᠲᠣᠰ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾

 ᠶᠢ ᠤᠯᠤᠰ ᠤᠨ ᠵᠡᠭᠦᠨ ᠪᠠᠷᠠᠭᠤᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ

ᠭᠤᠤᠯᠳᠠᠯᠭ᠎ᠠ ᠲᠠᠢ ᠡᠭᠦᠷᠭᠡ ᠳᠤ ᠣᠷᠣᠭᠤᠯᠤᠨ᠎ᠠ︔ 30 ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠨᠢ

ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠪᠠ︔ ᠤᠯᠤᠰ ᠤᠨ ᠰᠦᠨ ᠤ

ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠬᠥᠬᠡᠬᠤᠲᠠ ᠳᠤ ᠪᠠᠶᠢᠭᠤᠯᠤᠭᠳᠠᠪᠠ︔ ᠪᠠᠶᠠᠨᠨᠠᠭᠤᠷ ᠨᠢ

ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶ᠋ᠯᠡᠰ ᠤᠨ ᠵᠢᠱᠢᠶ᠎ᠡ ᠦᠵᠡᠭᠦᠯᠬᠦ ᠲᠣᠭᠤᠷᠢᠭ ᠢ

ᠪᠥᠲᠥᠭᠡᠨ ᠪᠠᠶᠢᠭᠤᠯᠬᠤ ᠪᠠᠷ ᠵᠥᠪᠰᠢᠶᠡᠷᠡᠭᠳᠡᠪᠡ︔ ᠣᠷᠳᠣᠰ ᠨᠢ ᠤᠯᠤᠰ ᠤᠨ ᠦᠷᠭᠦᠯᠵᠢᠯᠡᠬᠦ ᠬᠥᠭᠵᠢᠯᠲᠡ ᠶᠢᠨ

ᠵᠥᠪᠯᠡᠬᠦ ᠵᠦᠶ᠋ᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠪᠣᠯᠪᠠ︔ ᠪᠦᠬᠦ ᠨᠡᠶᠢᠭᠡᠮ ᠤᠨ ᠰᠤᠳᠤᠯᠤᠨ

ᠨᠡᠭᠡᠭᠡᠬᠦ ᠵᠠᠷᠤᠳᠠᠯ ᠤᠨ ᠣᠷᠣᠭᠤᠯᠤᠯᠲᠠ ᠲᠦᠷᠭᠡᠨ ᠢᠶᠠᠷ ᠨᠡᠮᠡᠭᠳᠡᠪᠡ︔ ︽ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ︾

 ᠨᠢ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠤᠶᠤᠨ ᠤᠬᠠᠭᠠᠨ ᠢ ᠲᠥᠪᠯᠡᠷᠡᠭᠦᠯᠦᠨ ᠪᠣᠭᠤᠮᠲᠠ

ᠰᠢᠪᠲᠤᠯᠬᠤ ᠶᠢ ᠠᠬᠢᠭᠤᠯᠪᠠ︔ ᠰᠢᠨᠵᠢᠯᠡᠬᠦ ᠤᠬᠠᠭᠠᠨ ᠮᠡᠷᠭᠡᠵᠢᠯ ᠢᠶᠠᠷ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢᠨ

︽ᠲᠣᠮᠣ ᠪᠡᠯᠡᠭ︾ ᠨᠢ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ︔ ᠰᠢᠨᠵᠢᠯᠡᠬᠦ ᠤᠬᠠᠭᠠᠨ

ᠮᠡᠷᠭᠡᠵᠢᠯ ᠤᠨ ᠱᠠᠩᠨᠠᠯ ᠳᠤ ︽ᠨᠡᠷ᠎ᠡ ᠳᠤᠷᠠᠳᠬᠤ ᠲᠦᠷᠢᠮ︾ ᠢ ᠬᠡᠷᠡᠭᠵᠢᠭᠦᠯᠦᠨ᠎ᠡ︔ ᠮᠡᠷᠭᠡᠵᠢᠯ ᠤᠨ ᠵᠠᠬ᠎ᠠ

ᠳᠡᠯᠭᠡᠭᠦᠷ ᠨᠢ ᠦᠷ᠎ᠡ ᠪᠦᠲᠦᠭᠡᠯ ᠢ ᠬᠤᠪᠢᠷᠠᠭᠤᠯᠬᠤ ︽ᠲᠦᠯᠬᠢᠭᠴᠢ︾ ᠪᠣᠯᠪᠠ᠃
    2022 ᠣᠨ ᠳᠤ ᠣᠯᠠᠨ

ᠨᠡᠶᠢᠲᠡ ᠶᠢᠨ ᠠᠩᠬᠠᠷᠤᠯ ᠢ ᠲᠠᠲᠠᠭᠰᠠᠨ ᠥᠪᠥᠷ ᠮᠣᠩᠭᠤᠯ ᠤᠨ ᠠᠷᠪᠠᠨ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ

ᠠᠬᠢᠴᠠ ᠨᠢ ᠲᠣᠰ ᠲᠣᠰ᠄ ᠳᠡᠯᠡᠬᠡᠶ ᠶᠢᠨ ᠠᠩᠬᠠᠳᠠᠭᠴᠢ ᠲᠦᠮᠡᠨ ᠲᠣᠨ ᠤ ᠲᠠᠰ ᠤᠨ ᠨᠡᠭᠦᠷᠡᠰᠦᠲᠥ᠋ᠷᠥᠭᠴᠢ ᠶᠢᠨ

ᠳᠠᠪᠬᠤᠷ ᠢᠰᠦᠯ ᠢᠶᠠᠷ ᠦᠨᠦᠷᠲᠦ ᠨᠡᠭᠦᠷᠦᠭᠴᠢ ᠶᠢᠨ ᠠᠵᠤ ᠦᠶ᠋ᠯᠡᠳᠪᠦᠷᠢ ᠶᠢᠨ ᠲᠤᠷᠰᠢᠯᠲᠠ ᠶᠢᠨ ᠲᠥᠷᠥᠯ ᠵᠦᠶ᠋ᠯ ᠢ

ᠨᠠᠶᠢᠳᠠᠪᠤᠷᠢᠵᠢᠭᠤᠯᠪᠠ︔ ︽ᠴᠠᠬᠢᠯᠭᠠᠨ ᠤ ᠰᠤᠷᠪᠤᠯᠵᠢ ᠲᠣᠣᠷ ᠳᠠᠭᠠᠭᠠᠴᠠ ᠨᠥᠭᠡᠴᠡ︾ ᠶᠢᠨ ᠰᠤᠳᠤᠯᠤᠨ ᠨᠡᠭᠡᠭᠡᠬᠦ

ᠲᠤᠷᠰᠢᠯᠲᠠ ᠶᠢᠨ ᠰᠠᠭᠤᠷᠢᠨ ᠭᠠᠵᠠᠷ ᠠᠰᠢᠭᠯᠠᠯᠲᠠ ᠳᠤ ᠣᠷᠣᠵᠤ᠂ ᠣᠯᠠᠨ ᠤᠯᠤᠰ ᠤᠨ ᠳᠣᠲᠣᠭᠠᠳᠤ ᠶᠢᠨ ᠬᠠᠮᠤᠭ ᠢ

ᠡᠭᠦᠳᠪᠡ︔ ᠨᠡᠭᠦᠷᠡᠰᠦ ᠪᠠᠷ ᠰᠠᠭᠤᠷᠢ ᠪᠣᠯᠭᠠᠭᠰᠠᠨ ᠣᠨᠴᠠ ᠵᠦᠶ᠋ᠯ ᠤᠨ ᠲᠦᠯᠡᠰᠢ ᠨᠢ ᠭᠠᠯ ᠴᠠᠬᠢᠯᠭᠠᠨ ᠤ ᠮᠠᠰᠢᠨ

ᠴᠣᠭᠴᠠᠯᠠᠪᠤᠷᠢ ᠶᠢᠨ ᠨᠡᠭᠦᠷᠡᠰᠦᠲᠥ᠋ᠷᠥᠭᠴᠢ ᠶᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ ᠮᠡᠷᠭᠡᠵᠢᠯ ᠤᠨ

ᠠᠷᠭ᠎ᠠ ᠵᠠᠮ ᠢ ᠨᠡᠪᠲᠡᠷᠡᠭᠦᠯᠪᠡ︔ ᠰᠺᠠᠨᠳᠢ ᠶᠢᠨ ᠢᠰᠦᠯ ᠢ ᠭᠠᠷᠭᠠᠨ ᠠᠪᠬᠤ ᠭᠠᠷ ᠤᠷᠠᠯᠠᠯ ᠨᠢ ᠠᠵᠢᠯ ᠲᠥᠷᠥᠯ ᠤᠨ

ᠬᠤᠭᠤᠰᠣᠨ ᠢ ᠨᠥᠬᠦᠪᠥᠷᠢᠯᠡᠨ᠎ᠡ︔ ᠥᠮᠡᠨ ᠳᠠᠷᠤᠬᠤ ︽ᠥᠨᠥᠴᠢᠨ ᠬᠡᠦᠬᠡᠳ ᠤᠨ ᠡᠮ︾ ᠢ ᠮᠠᠨ ᠤ ᠣᠷᠣᠨ ᠳᠤ

ᠲᠤᠷᠰᠢᠨ ᠦᠶ᠋ᠯᠡᠳᠪᠦᠷᠢᠯᠡᠵᠦ ᠪᠣᠶ︔ ︽ᠳ᠋ᠦ᠋ ᠮᠧᠩ ᠶᠠᠩ︾ ᠤᠨ ᠰᠢᠨ᠎ᠡ ᠡᠭᠦᠯᠳᠡᠷ ᠤᠯᠤᠰ ᠤᠨ ᠬᠢᠨᠠᠨ

ᠲᠣᠭᠲᠠᠭᠠᠯᠲᠠ ᠳᠤ ᠬᠢᠷᠢ ᠲᠡᠩᠴᠡᠪᠡ︔ ᠰᠢᠨ᠎ᠡ ᠬᠡᠯᠪᠡᠷᠢ ᠶᠢᠨ ᠰᠢᠮ᠎ᠡ ᠲᠡᠵᠢᠭᠡᠯ ᠣᠨ ᠲᠣᠬᠢᠷᠠᠭᠤᠯᠭ᠎ᠠ ᠡᠵᠡᠮᠰᠢᠯ ᠤᠨ

ᠮᠡᠷᠭᠡᠵᠢᠯ ᠰᠠᠭᠠᠯᠢ ᠶᠢᠨ ᠦᠨᠢᠶᠡᠨ ᠤ ᠡᠳᠦᠷ ᠪᠦᠷᠢ ᠶᠢᠨ ᠳᠤᠮᠳᠠᠴᠢ ᠨᠢᠭᠡᠴᠢ ᠭᠠᠷᠤᠯᠲᠠ ᠶᠢ 41 ᠺᠢᠯᠣᠭ᠍ᠷᠠᠮ ᠠᠴᠠ

ᠳᠡᠭᠡᠭᠰᠢ ᠳᠤ ᠬᠦᠷᠦᠭᠦᠯᠦᠨ᠎ᠡ︔ ᠬᠤᠸᠠ ᠰᠢ ᠦᠬᠡᠷ ᠤᠯᠠᠭᠠᠶ ᠶᠢᠨ ᠲᠠᠯ᠎ᠠ ᠨᠤᠲᠤᠭ ᠲᠤ ᠠᠮᠵᠢᠯᠲᠠ ᠲᠠᠢ

ᠪᠤᠶᠢᠵᠢᠭᠤᠯᠪᠠ︔ ᠨᠢᠭᠲᠠ ᠵᠠᠶᠢᠯᠠᠭᠰᠠᠨ ᠥᠨᠳᠥᠷ ᠤᠨᠠᠯᠲᠠ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠨᠢ ᠵᠡᠭᠦᠨ

ᠬᠤᠶᠢᠲᠤ ᠣᠷᠣᠨ ᠤ ᠬᠠᠪᠤᠷ ᠤᠨ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢᠨ ᠲᠡᠮᠳᠡᠭᠯᠡᠯ ᠢ ᠡᠭᠦᠳᠪᠡ︔

︽ᠭᠤᠷᠪᠠᠨ ᠨᠠᠭᠤᠷ︾ ᠤᠨ ᠤᠰᠤᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠴᠢᠬᠤᠯᠠ ᠰᠢᠪᠲᠤᠯᠤᠯᠲᠠ ᠲᠠᠢ

ᠪᠣᠯᠪᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号