︽ᠡᠪᠦᠯ ᠪᠣᠯ ᠮᠠᠯ ᠤᠨ ᠲᠠᠷᠭᠤ ᠠᠪᠬᠤ ᠵᠠᠩᠭᠢᠯᠠᠭ᠎ᠠ ᠶᠢᠨ ᠴᠠᠭ ᠪᠠᠶᠢᠵᠤ᠂ ᠪᠢ ᠡᠪᠦᠯ ᠣᠷᠣᠬᠤ ᠠᠴᠠ ᠡᠮᠦᠨ᠎ᠡ | ᠡᠪᠡᠰᠦ ᠪᠣᠷᠳᠤᠭ᠎ᠠ ᠪᠠᠨ ᠪᠡᠯᠡᠳᠬᠡᠵᠦ ᠡᠬᠢᠯᠡᠵᠡᠢ᠃ ᠤᠳᠤ ᠨᠢᠭᠡᠨᠲᠡ 40 ᠭᠠᠷᠤᠢ ᠲᠦᠮᠡᠨ ᠺᠢᠯᠣᠭ᠍ᠷᠠᠮ ᠡᠪᠦᠯᠵᠢᠬᠦ | ᠡᠪᠡᠰᠦ ᠪᠣᠷᠳᠤᠭ᠎ᠠ ᠪᠠᠨ ᠨᠥᠭᠡᠴᠡᠯᠡᠪᠡ᠂ ᠳᠠᠷᠠᠭ᠎ᠠ ᠪᠠᠷ ᠪᠠᠰᠠ ᠪᠤᠰᠤᠳ ᠲᠡᠵᠢᠭᠡᠯ ᠪᠣᠷᠳᠤᠭ᠎ᠠ ᠪᠡᠯᠡᠳᠬᠡᠵᠦ᠂ ᠮᠠᠯ | ᠢᠷᠡᠬᠦ ᠵᠢᠯ ᠤᠨ ᠬᠠᠪᠤᠷ ᠪᠣᠯᠲᠠᠯ᠎ᠠ ᠢᠳᠡᠵᠦ ᠭᠦᠢᠴᠡᠬᠦ ᠪᠠᠷ ᠨᠥᠭᠡᠴᠡᠯᠡᠨ᠎ᠡ︾᠃ ᠲᠦᠷᠦᠭᠦᠬᠡᠨ᠂ ᠰᠤᠷᠪᠤᠯᠵᠢᠯᠠᠭᠴᠢ | ᠤᠯᠠᠭᠠᠢ ᠬᠠᠮᠢᠶᠠᠷᠤᠯᠲᠠ ᠶᠢᠨ ᠣᠷᠣᠨ ᠤ ᠤᠯᠠᠭᠠᠢ ᠮᠠᠯᠵᠢᠯ ᠤᠨ ᠲᠠᠯᠠᠪᠠᠶ ᠶᠢᠨ ᠮᠠᠯᠴᠢᠨ ᠾᠧ ᠴᠧᠩ ᠸᠧᠢ ᠶᠢᠨ | ᠬᠠᠰᠢᠶᠠᠨ ᠳᠤ ᠨᠢ ᠦᠬᠡᠷ ᠬᠤᠨᠢ ᠡᠪᠡᠰᠦ ᠪᠣᠷᠳᠤᠭ᠎ᠠ ᠪᠠᠨ ᠢᠳᠡᠵᠦ᠂ ᠨᠢᠭᠡᠳ ᠨᠢᠭᠡ ᠪᠠᠷ ᠢᠶᠠᠨ ᠲᠠᠷᠭᠤ ᠰᠠᠶᠢᠲᠠᠢ | ᠪᠠᠶᠢᠬᠤ ᠶᠢ ᠣᠯᠵᠤ ᠬᠠᠷᠠᠪᠠ᠃ ᠡᠪᠡᠰᠦ ᠪᠣᠷᠳᠤᠭ᠎ᠠ ᠨᠥᠭᠡᠴᠡᠯᠡᠬᠦ ᠪᠣᠯ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠴᠢᠬᠤᠯᠠ ᠨᠢᠭᠡ ᠭᠤᠭᠴᠤᠭ᠎ᠠ ᠪᠣᠯᠣᠨ᠎ᠠ᠃ ᠨᠢᠳᠤᠨᠤᠨ ᠡᠪᠦᠯ ᠠᠴᠠ ᠨᠠᠭᠠᠰᠢ᠂ ᠰᠢᠯᠢ ᠶᠢᠨ | ᠭᠤᠣᠯ ᠠᠶᠢᠮᠠᠭ ᠤᠷᠢᠳ ᠬᠤᠵᠢᠳ ᠬᠠᠮᠢᠶ᠎ᠠ ᠪᠦᠬᠦᠢ ᠬᠥᠮᠥᠰ ᠢ ᠵᠣᠬᠢᠶᠠᠨ ᠪᠠᠶᠢᠭᠤᠯᠵᠤ ᠪᠠᠶᠢᠭᠠᠳ ᠮᠠᠯᠵᠢᠬᠤ | ᠣᠷᠣᠨ ᠳᠤ ᠭᠦᠨᠵᠡᠭᠡᠶᠢᠷᠡᠭᠦᠯᠦᠨ ᠮᠠᠯᠴᠢᠳ ᠤᠨ ᠡᠪᠡᠰᠦ ᠪᠣᠷᠳᠤᠭ᠎ᠠ ᠨᠥᠭᠡᠴᠡᠯᠡᠭᠰᠡᠨ᠂ ᠬᠢᠵᠢᠭ ᠡᠪᠡᠳᠴᠢᠨ ᠢ | ᠰᠡᠷᠭᠡᠶᠢᠯᠡᠨ ᠵᠠᠰᠠᠬᠤ᠂ ᠳᠤᠯᠠᠭᠠᠨ ᠬᠠᠰᠢᠶ᠎ᠠ ᠰᠠᠷᠠᠪᠴᠢ ᠶᠢᠨ ᠢᠵᠢ ᠪᠦᠷᠢᠳᠦᠭᠰᠡᠨ ᠲᠥᠬᠦᠭᠡᠷᠦᠮᠵᠢ ᠵᠡᠷᠭᠡ ᠮᠠᠯ ᠤᠨ | ᠠᠮᠤᠷ ᠲᠦᠪᠰᠢᠨ ᠢᠶᠠᠷ ᠡᠪᠦᠯᠵᠢᠵᠦ ᠬᠠᠪᠤᠷᠵᠢᠬᠤ ᠪᠡᠯᠡᠳᠬᠡᠯ ᠠᠵᠢᠯ ᠤᠨ ᠪᠠᠶᠢᠳᠠᠯ ᠢ ᠣᠶᠢᠯᠠᠭᠠᠵᠤ᠂ ᠮᠠᠯᠴᠢᠨ | ᠲᠦᠮᠡᠨ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠰᠠᠶᠢᠲᠤᠷ | ᠬᠢᠯᠭᠡᠵᠦ᠂ ᠮᠠᠯ ᠤᠨ ︽ᠬᠦᠨᠡᠰᠦ︾ ᠶᠢ ᠭᠦᠢᠴᠡᠳ ᠪᠡᠯᠡᠳᠬᠡᠵᠦ᠂ ᠮᠠᠯ ᠤᠨ ᠠᠮᠤᠷ ᠲᠦᠪᠰᠢᠨ ᠢᠶᠠᠷ ᠡᠪᠦᠯᠵᠢᠵᠦ | ᠬᠠᠪᠤᠷᠵᠢᠬᠤ᠂ ᠮᠠᠯ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠠᠲᠤᠯᠠᠵᠠᠢ | ᠃ ᠡᠭᠦᠨ ᠤ ᠬᠠᠮᠲᠤ᠂ ᠭᠤᠷᠪᠠᠨ ᠱᠠᠲᠤᠨ ᠤ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠶᠢᠨ ᠡᠪᠡᠰᠦ ᠪᠣᠷᠳᠤᠭ᠎ᠠ | ᠨᠥᠭᠡᠴᠡᠯᠡᠬᠦ ᠠᠵᠢᠯ ᠥᠷᠨᠢᠭᠦᠯᠬᠦ ᠶᠢ ᠵᠣᠬᠢᠶᠠᠨ ᠪᠠᠶᠢᠭᠤᠯᠵᠤ᠂ ᠬᠤᠰᠢᠭᠤ ᠰᠢᠶᠠᠨ ᠬᠤᠲᠠ ︵ᠲᠣᠭᠤᠷᠢᠭ︶᠂ ᠰᠤᠮᠤ | ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠡᠪᠡᠰᠦ ᠪᠣᠷᠳᠤᠭ᠎ᠠ ᠨᠥᠭᠡᠴᠡᠯᠡᠬᠦ ᠲᠣᠭᠲᠠᠯᠴᠠᠭ᠎ᠠ ᠶᠢᠨ ᠪᠦᠲᠦᠭᠡᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠪᠡᠰᠦ ᠪᠣᠷᠳᠤᠭ᠎ᠠ ᠶᠢ ᠨᠢᠭᠡᠳᠦᠯᠲᠡᠢ ᠲᠥᠯᠥᠪᠯᠡᠨ | ᠠᠰᠢᠭᠯᠠᠬᠤ ᠲᠦᠪᠰᠢᠨ ᠪᠠ ᠭᠠᠮᠰᠢᠭ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠴᠢᠳᠠᠪᠤᠷᠢ ᠶᠢ ᠳᠡᠭᠡᠭᠰᠢᠯᠡᠭᠦᠯᠪᠡ᠃ | ᠣᠳᠣ ᠪᠣᠯᠲᠠᠯ᠎ᠠ᠂ ᠪᠥᠬᠦ ᠠᠶᠢᠮᠠᠭ ᠲᠤ ᠭᠤᠷᠪᠠᠨ ᠱᠠᠲᠤᠨ ᠤ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠶᠢ 142 | ᠪᠠᠶᠢᠭᠤᠯᠵᠤ᠂ ᠡᠭᠦᠨ ᠳᠤ᠂ ᠬᠤᠰᠢᠭᠤ ᠰᠢᠶᠠᠨ ᠬᠤᠲᠠ ︵ᠲᠣᠭᠤᠷᠢᠭ︶ ᠶᠢᠨ ᠱᠠᠲᠤᠨ ᠳᠤ 14᠂ ᠰᠤᠮᠤ | ᠪᠠᠯᠭᠠᠰᠤ ᠶᠢᠨ ᠱᠠᠲᠤᠨ ᠳᠤ 38᠂ ᠭᠠᠴᠠᠭ᠎ᠠ ᠶᠢᠨ ᠱᠠᠲᠤᠨ ᠳᠤ 90 ᠪᠠᠶᠢᠭᠤᠯᠵᠤ᠂ ᠨᠡᠶᠢᠲᠡ 16443.5 ᠲᠦᠮᠡᠨ | ᠺᠢᠯᠣᠭ᠍ᠷᠠᠮ ᠡᠪᠡᠰᠦ ᠪᠣᠷᠳᠤᠭ᠎ᠠ ᠨᠥᠭᠡᠴᠡᠯᠡᠵᠦ᠂ ᠵᠢᠯ ᠤᠨ ᠡᠪᠡᠰᠦ ᠪᠣᠷᠳᠤᠭ᠎ᠠ ᠨᠥᠭᠡᠴᠡᠯᠡᠬᠦ ᠲᠥᠯᠥᠪᠯᠡᠭᠡ ᠪᠠᠨ | ᠪᠡᠶᠡᠯᠡᠭᠦᠯᠵᠦ᠂ ᠪᠥᠬᠦ ᠠᠶᠢᠮᠠᠭ ᠤᠨ ᠭᠡᠨᠡᠳᠲᠡ ᠶᠢᠨ ᠪᠠᠶᠢᠭᠠᠯᠢ ᠶᠢᠨ ᠭᠠᠮᠰᠢᠭ ᠲᠠᠢ ᠲᠡᠮᠡᠴᠡᠬᠦ᠂ ᠭᠠᠮᠰᠢᠭ ᠢ | ᠪᠠᠭᠠᠰᠬᠠᠬᠤ᠂ ᠭᠠᠮᠰᠢᠭ ᠢ ᠰᠡᠷᠭᠡᠶᠢᠯᠡᠬᠦ ᠵᠢᠴᠢ ᠮᠠᠯ ᠰᠥᠷᠦᠭ ᠤᠨ ᠠᠮᠤᠷ ᠲᠦᠪᠰᠢᠨ ᠢᠶᠠᠷ ᠡᠪᠦᠯᠵᠢᠵᠦ | ᠬᠠᠪᠤᠷᠵᠢᠬᠤ ᠳᠤ ᠴᠢᠬᠤᠯᠠ ᠪᠠᠲᠤᠯᠠᠭ᠎ᠠ ᠶᠢᠨ ᠦᠢᠯᠡᠳᠦᠯ ᠦᠵᠡᠭᠦᠯᠪᠡ᠃ ᠡᠭᠦᠨ ᠠᠴᠠ ᠭᠠᠳᠠᠨ᠎ᠠ᠂ ᠰᠢᠯᠢ ᠶᠢᠨ | ᠭᠤᠣᠯ ᠠᠶᠢᠮᠠᠭ ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ ᠲᠥᠷᠥᠯ ᠵᠦᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ︽ᠡᠭᠦᠷᠭᠡ ᠶᠢ ᠣᠷᠣᠨ ᠨᠤᠲᠤᠭ ᠲᠤ ᠪᠠᠭᠤᠯᠭᠠᠬᠤ᠂ ᠪᠡᠯᠡ ᠮᠥᠩᠭᠦ ᠶᠢ ᠣᠷᠣᠨ ᠨᠤᠲᠤᠭ ᠲᠤ | ᠬᠦᠷᠭᠡᠬᠦ᠂ ᠬᠠᠷᠢᠭᠤᠴᠠᠯᠭ᠎ᠠ ᠶᠢ ᠣᠷᠣᠨ ᠨᠤᠲᠤᠭ ᠲᠤ ᠲᠤᠰᠢᠶᠠᠬᠤ︾ ᠱᠠᠭᠠᠷᠳᠠᠯᠭ᠎ᠠ ᠶᠣᠰᠣᠭᠠᠷ ᠲᠥᠷᠥᠯ ᠵᠦᠢᠯ ᠢ | ᠨᠠᠶᠢᠳᠠᠪᠤᠷᠢᠵᠢᠭᠤᠯᠵᠤ᠂ ᠢᠳᠡᠪᠬᠢᠲᠡᠢ ᠪᠠᠷ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠲᠥᠰᠥᠯ ᠲᠣᠭᠲᠠᠭᠠᠬᠤ᠂ | ᠪᠣᠳᠠᠲᠠᠢ ᠭᠠᠵᠠᠷ ᠲᠤ ᠨᠢ ᠬᠡᠮᠵᠢᠬᠦ᠂ ᠮᠡᠷᠭᠡᠵᠢᠯ ᠤᠨ ᠵᠢᠯᠣᠭᠤᠳᠤᠯᠭ᠎ᠠ ᠬᠢᠬᠦ ᠵᠡᠷᠭᠡ ᠲᠠᠯ᠎ᠠ ᠪᠠᠷ ᠵᠣᠬᠢᠶᠠᠨ ᠪᠠᠶᠢᠭᠤᠯᠵᠤ᠂ | ᠲᠥᠷᠥᠯ ᠵᠦᠢᠯ ᠤᠨ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠪᠠ᠃ ᠣᠳᠣ ᠪᠣᠯᠲᠠᠯ᠎ᠠ᠂ | 44.28 ᠲᠦᠮᠡᠨ ᠮᠦ ᠶᠢ ᠬᠠᠳᠤᠵᠤ ᠬᠤᠷᠢᠶᠠᠬᠤ ᠡᠭᠦᠷᠭᠡ ᠶᠢ ᠪᠡᠶᠡᠯᠡᠭᠦᠯᠵᠦ᠂ ᠡᠪᠡᠰᠦ ᠪᠣᠷᠳᠤᠭ᠎ᠠ ᠶᠢᠨ | ᠨᠥᠭᠡᠴᠡ ᠶᠢᠨ ᠬᠡᠮᠵᠢᠶ᠎ᠡ 144.38 ᠲᠦᠮᠡᠨ ᠲᠣᠨ ᠳᠤ ᠬᠦᠷᠴᠦ᠂ ᠲᠣᠰ ᠲᠣᠰ ᠪᠠᠭᠤᠯᠭᠠᠭᠰᠠᠨ ᠡᠭᠦᠷᠭᠡ ᠶᠢᠨ | 251%᠂ 297% ᠳᠤ ᠬᠦᠷᠴᠦ᠂ ᠮᠠᠯ ᠤᠨ ᠡᠪᠡᠰᠦ ᠪᠣᠷᠳᠤᠭ᠎ᠠ ᠶᠢᠨ ᠨᠥᠭᠡᠴᠡ ᠶᠢᠨ ᠰᠠᠭᠤᠷᠢ ᠶᠢ ᠤᠯᠠᠮ ᠨᠢᠭᠡ | ᠠᠯᠬᠤᠮ ᠪᠠᠲᠤᠳᠬᠠᠪᠠ᠃ |