︽ᠤᠰᠤ ᠪᠠᠨ ᠲᠠᠭᠠᠵᠤ ᠵᠢᠷᠭᠠᠨ᠎ᠠ︾ ᠭᠡᠳᠡᠭ᠃ ᠤᠰᠤ ᠪᠠᠨ ᠳᠡᠭᠡᠳᠦᠯᠡᠵᠦ᠂ ᠤᠰᠤ ᠭᠤᠣᠯ ᠢᠶᠠᠨ ᠲᠦᠰᠢᠵᠦ᠂ | ᠤᠰᠤᠨ ᠤ ᠲᠤᠩᠭᠠᠯᠠᠭ ᠡᠪᠡᠰᠦᠨ ᠤ ᠰᠣᠷᠭᠤᠭ ᠢ ᠲᠠᠭᠠᠵᠤ᠂ ᠠᠬᠤᠢ ᠪᠠᠶᠢᠭᠠᠯᠢ ᠲᠠᠢ ᠪᠠᠨ ᠢᠵᠢᠯᠢᠰᠢᠨ ᠠᠶᠠᠳᠠᠵᠤ | ᠠᠮᠢᠳᠤᠷᠠᠵᠤ ᠢᠷᠡᠭᠰᠡᠨ ᠤᠬᠠᠭᠠᠨᠲᠤ ᠳᠡᠭᠡᠳᠦᠰ ᠤᠨ ᠠᠶᠠᠨ ᠨᠡᠭᠦᠳᠡᠯ ᠤᠨ ᠠᠮᠢᠳᠤᠷᠠᠯ ᠬᠡᠴᠢᠨᠡᠨ ᠢᠷᠠᠭᠤᠯᠢᠭ ᠠᠵᠢ︕ | ᠬᠥᠮᠥᠨ ᠲᠥᠷᠥᠯᠬᠢᠲᠡᠨ ᠤ ᠣᠷᠣᠰᠢᠯ ᠲᠣᠭᠲᠠᠨᠢᠯ᠂ ᠬᠥᠭᠵᠢᠯ ᠲᠠᠪᠰᠢᠯ ᠤᠰᠤᠨ ᠠᠴᠠ ᠰᠠᠯᠵᠤ ᠴᠢᠳᠠᠬᠤ ᠦᠭᠡᠢ᠃ | ᠠᠮᠢᠳᠠᠨ ᠭᠤᠣᠯᠲᠠᠨ ᠤ ᠣᠷᠣᠰᠢᠯ ᠲᠣᠭᠲᠠᠨᠢᠯ ᠴᠦ ᠬᠥᠮᠥᠨ ᠲᠥᠷᠥᠯᠬᠢᠲᠡᠨ ᠤ ᠤᠰᠤ ᠶᠢ ᠬᠠᠮᠠᠭᠠᠯᠠᠬᠤ ᠲᠠᠢ ᠰᠢᠭᠤᠳ | ᠬᠤᠯᠪᠤᠭ᠎ᠠ ᠲᠠᠢ᠃ ᠠᠵᠤ ᠦᠢᠯᠡᠳᠪᠦᠷᠢ᠂ ᠮᠠᠯ ᠲᠠᠷᠢᠶᠠᠯᠠᠩ᠂ ᠠᠮᠢᠳᠤᠷᠠᠯ ᠦᠢᠯᠡᠳᠪᠦᠷᠢᠯᠡᠯ ᠳᠤ ᠶᠡᠭᠡ ᠬᠡᠮᠵᠢᠶᠡᠨ ᠤ | ᠴᠡᠪᠡᠷ ᠠᠷᠢᠭᠤᠨ ᠤᠰᠤ ᠱᠠᠭᠠᠷᠳᠠᠭᠳᠠᠨ᠎ᠠ᠃ ᠬᠥᠮᠥᠨ ᠲᠥᠷᠥᠯᠬᠢᠲᠡᠨ ᠥᠨᠢᠳᠡ ᠶᠢᠨ ᠬᠥᠭᠵᠢᠯᠲᠡ ᠪᠠᠨ ᠪᠠᠲᠤᠯᠠᠶ᠎ᠠ | ᠭᠡᠪᠡᠯ ᠴᠡᠪᠡᠷ ᠤᠰᠤ ᠶᠢ ᠪᠣᠬᠢᠷᠳᠠᠭᠤᠯᠤᠯ ᠦᠭᠡᠢ ᠬᠠᠮᠠᠭᠠᠯᠠᠬᠤ ᠬᠡᠷᠡᠭᠲᠡᠢ ᠪᠥᠭᠡᠳ ᠤᠰᠤ ᠶᠢ ᠠᠷᠪᠢᠯᠠᠨ ᠭᠠᠮᠨᠠᠬᠤ | ᠬᠡᠷᠡᠭᠲᠡᠢ᠃ | ᠡᠷᠳᠡᠮᠲᠡᠳ ᠤᠨ ᠰᠤᠳᠤᠯᠤᠭᠰᠠᠨ ᠢᠶᠠᠷ᠂ ᠳᠡᠯᠡᠬᠡᠢ ᠶᠢᠨ ᠪᠥᠮᠪᠥᠷᠴᠡᠭ ᠤᠨ ᠭᠠᠳᠠᠷᠭᠤ ᠶᠢᠨ 70% ᠨᠢ | ᠤᠰᠤᠨ ᠳᠤ ᠪᠦᠷᠬᠦᠭᠳᠡᠵᠦ ᠪᠠᠶᠢᠨ᠎ᠠ ᠭᠡᠳᠡᠭ ᠪᠤᠯᠪᠠᠴᠤ ᠬᠥᠮᠥᠨ ᠲᠥᠷᠥᠯᠬᠢᠲᠡᠨ ᠤ ᠠᠰᠢᠭᠯᠠᠵᠤ ᠪᠣᠯᠬᠤᠶᠢᠴᠠ ᠴᠡᠩᠭᠡᠭ | ᠤᠰᠤᠨ ᠤ ᠡᠬᠢ ᠪᠠᠶᠠᠯᠢᠭ ᠨᠢ ᠪᠦᠭᠦ ᠪᠥᠮᠪᠥᠷᠴᠡᠭ ᠤᠨ ᠤᠰᠤᠨ ᠤ ᠶᠡᠷᠦᠩᠬᠡᠢ ᠬᠡᠮᠵᠢᠶ᠎ᠡ ᠶᠢᠨ 0. 26% ᠶᠢ ᠯᠡ | ᠡᠵᠡᠯᠡᠳᠡᠭ᠃ ᠬᠠᠷᠢᠨ ᠡᠨᠡ ᠵᠢᠭᠠᠬᠠᠨ ᠤᠰᠤ ᠪᠣᠯ ᠲᠦᠮᠡᠨ ᠪᠣᠳᠠᠰ ᠤᠨ ᠠᠮᠢᠯᠠᠯ ᠤᠨ ᠰᠤᠷᠪᠤᠯᠵᠢ᠂ ᠣᠷᠣᠰᠢᠨ | ᠲᠣᠭᠲᠠᠨᠢᠬᠤ ᠶᠢᠨ ᠦᠨᠳᠦᠰᠦ ᠪᠣᠯᠣᠨ᠎ᠠ᠃ | ᠮᠠᠨ ᠤ ᠣᠷᠣᠨ ᠤ ᠭᠠᠵᠠᠷ ᠨᠤᠲᠤᠭ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠳᠡᠯᠪᠡᠭ᠃ ᠮᠠᠨ ᠤ | ᠣᠷᠣᠨ ᠳᠤ ᠰᠠᠪᠠ ᠭᠠᠵᠠᠷ ᠤᠨ ᠲᠠᠯᠠᠪᠠᠢ ᠨᠢ 1000 ᠲᠡᠭᠰᠢ ᠳᠥᠷᠪᠡᠯᠵᠢᠨ ᠺᠢᠯᠣᠮᠧᠳ᠋ᠷ ᠠᠴᠠ ᠳᠡᠭᠡᠭᠰᠢᠬᠢ ᠭᠤᠣᠯ | ᠮᠥᠷᠡᠨ 70 ᠭᠠᠷᠤᠢ ᠪᠠᠶᠢᠵᠤ᠂ ᠪᠦᠭᠦ ᠣᠷᠣᠨ ᠤ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ 518 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠲᠤ ᠬᠦᠷᠴᠦ ᠪᠤᠢ᠃ ᠲᠤᠰᠤᠯ ᠢ ᠬᠤᠷᠢᠶᠠᠪᠠᠯ ᠲᠠᠯᠠᠢ ᠪᠣᠯᠣᠨ᠎ᠠ ᠭᠡᠳᠡᠭ᠂ | ᠪᠢᠳᠡ ᠡᠨᠡ ᠬᠦ ᠡᠬᠡ ᠪᠠᠶᠢᠭᠠᠯᠢ ᠠᠴᠠ ᠥᠪᠥᠷ ᠮᠣᠩᠭᠤᠯ ᠳᠤ ᠰᠣᠶᠣᠷᠬᠠᠭᠰᠠᠨ ᠡᠷᠬᠢᠮ ᠨᠠᠨᠳᠢᠨ ᠡᠬᠢ ᠪᠠᠶᠠᠯᠢᠭ ᠢ | ᠡᠷᠬᠡᠪᠰᠢ ᠨᠠᠨᠳᠢᠩᠨᠠᠨ ᠬᠠᠶᠢᠷᠠᠯᠠᠬᠤ ᠬᠡᠷᠡᠭᠲᠡᠢ᠃ | ᠮᠠᠨ ᠤ ᠣᠷᠣᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠤᠰᠤᠨ ᠤ ᠪᠣᠬᠢᠷᠳᠤᠯ ᠢ | ᠰᠡᠷᠭᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ ᠶᠢ ᠪᠦᠭᠦ ᠲᠠᠯ᠎ᠠ ᠪᠠᠷ ᠠᠬᠢᠭᠤᠯᠵᠤ᠂ ᠭᠤᠣᠯᠳᠠᠯᠭ᠎ᠠ ᠲᠠᠢ ᠰᠠᠪᠠ | ᠭᠠᠵᠠᠷ ᠤᠨ ᠤᠰᠤᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠢᠯᠡᠳᠲᠡ ᠰᠠᠶᠢᠵᠢᠷᠠᠭᠤᠯᠪᠠ᠃ ᠪᠦᠭᠦ | ᠣᠷᠣᠨ ᠢᠶᠠᠷ ᠢᠶᠠᠨ 13 ᠬᠡᠰᠡᠭ ᠪᠣᠬᠢᠷ ᠦᠮᠡᠬᠡᠢ ᠤᠰᠤᠨ ᠴᠣᠭᠴᠠ ᠶᠢ ᠵᠠᠰᠠᠵᠤ᠂ ᠲᠤᠰᠬᠠᠢ ᠣᠷᠣᠨ ᠤ ᠲᠠᠰ ᠤᠨ | ᠬᠤᠲᠠ ᠶᠢᠨ 42 ᠲᠥᠪᠯᠡᠷᠡᠩᠭᠦᠢ ᠭᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ | ᠤᠰᠤᠨ ᠤ ᠴᠢᠨᠠᠷ ᠤᠨ ᠰᠢᠯᠢᠳᠡᠭ ᠰᠠᠶᠢᠨ ᠨᠣᠷᠮ᠎ᠠ 85. 7% ᠳᠤ ᠬᠦᠷᠴᠡᠢ᠃ 2020 ᠣᠨ ᠳᠤ ᠪᠦᠭᠦ | ᠣᠷᠣᠨ ᠤ ᠭᠤᠣᠯᠳᠠᠯᠭ᠎ᠠ ᠲᠠᠢ ᠰᠠᠪᠠ ᠭᠠᠵᠠᠷ ᠲᠠᠬᠢ ᠪᠦᠭᠦ ᠤᠯᠤᠰ ᠤᠨ ᠭᠠᠵᠠᠷ ᠳᠡᠭᠡᠷᠡᠬᠢ ᠤᠰᠤᠨ ᠤ ᠬᠢᠨᠠᠨ | ᠰᠢᠯᠭᠠᠯᠲᠠ ᠶᠢᠨ 52 ᠣᠭᠲᠣᠯᠣᠭᠠᠰᠤ ᠶᠢᠨ ᠰᠢᠯᠢᠳᠡᠭ ᠤᠰᠤᠨ ᠤ ᠴᠢᠨᠠᠷ ᠤᠨ ᠬᠠᠷᠢᠴᠠᠯ 69.2% ᠲᠤ ᠬᠦᠷᠴᠦ᠂ | 2016 ᠣᠨ ᠤ ᠬᠢ ᠠᠴᠠ ᠵᠠᠭᠤᠨ ᠤ ᠬᠠᠷᠢᠴᠠᠯ ᠢᠶᠠᠷ 19.2 ᠬᠤᠪᠢ ᠳᠡᠭᠡᠭᠰᠢᠯᠡᠭᠰᠡᠨ ᠪᠠᠶᠢᠨ᠎ᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠮᠠᠨ ᠤ ᠣᠷᠣᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠥᠯᠦᠪᠵᠢᠭᠦᠯᠭᠡ︾ ᠶᠢ ᠪᠦᠭᠦ ᠲᠠᠯ᠎ᠠ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠠᠮᠢ ᠠᠬᠤᠢ | ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠨ᠂ ᠦᠵᠡᠰᠬᠦᠯᠡᠩᠲᠦ ᠰᠠᠶᠢᠬᠠᠨ | ᠭᠤᠣᠯ ᠮᠥᠷᠡᠨ ᠨᠠᠭᠤᠷ ᠪᠦᠷᠢᠳᠦ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠪᠠᠷ ᠤᠳᠤᠷᠢᠳᠤᠮᠵᠢ ᠪᠤᠯᠭᠠᠵᠤ | ᠂ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠢᠭᠡᠳ ᠠᠮᠢ ᠠᠬᠤᠢ ᠶᠢᠨ ᠪᠠᠭᠲᠠᠭᠠᠮᠵᠢ ᠶᠢ ᠥᠷᠭᠡᠳᠬᠡᠬᠦ | ᠬᠤᠶᠠᠷ ᠲᠠᠯ᠎ᠠ ᠪᠠᠷ ᠬᠦᠴᠦᠯᠡᠵᠦ ᠪᠤᠢ᠃ | ᠠᠮᠢᠳᠠᠨ ᠭᠤᠣᠯᠲᠠᠨ ᠤ ᠠᠮᠢᠯᠠᠯ ᠲᠥᠯᠵᠢᠯ᠂ ᠡᠰᠡᠨᠢᠯ ᠬᠥᠭᠵᠢᠯ ᠤᠨ ᠡᠬᠢ ᠤᠨᠳᠤᠷᠤᠯ᠂ ᠠᠮᠢ ᠶᠢᠨ ᠡᠬᠢ | ᠠᠮᠢᠵᠢᠷᠠᠯ ᠤᠨ ᠷᠠᠰᠢᠶᠠᠨ ᠪᠣᠯᠤᠭᠰᠠᠨ ᠡᠨᠡ ᠬᠦ ᠡᠷᠬᠢᠮ ᠨᠠᠨᠳᠢᠨ ᠡᠬᠢ ᠪᠠᠶᠠᠯᠢᠭ ᠢ ᠨᠢᠳᠦᠨ ᠴᠡᠴᠡᠭᠡᠢ ᠪᠠᠨ ᠰᠢᠭ | ᠬᠠᠶᠢᠷᠠᠯᠠᠨ ᠬᠠᠮᠠᠭᠠᠯᠠᠬᠤ ᠪᠣᠯ ᠲᠠ ᠪᠢᠳᠡᠨ ᠤ ᠲᠠᠷᠬᠠᠨ ᠬᠠᠷᠢᠭᠤᠴᠠᠯᠭ᠎ᠠ ᠪᠥᠭᠡᠳ ᠥᠨᠢᠳᠡ ᠶᠢᠨ ᠪᠠᠷᠢᠮᠲᠠᠯᠠᠯ ᠶᠤᠮ᠃ | | |