ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 7 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ | ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 11 | ᠰᠠᠷ᠎ᠠ ᠶᠢᠨ 7 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ | ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾᠂ ︽ᠤᠯᠤᠰ ᠤᠨ ᠥᠮᠴᠢᠯᠡᠯ ᠤᠨ ᠪᠡᠯᠡ | ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠦᠷᠢᠮ ᠢ ᠴᠢᠨᠠᠭᠰᠢᠳᠠ ᠲᠡᠭᠦᠯᠳᠡᠷᠵᠢᠭᠦᠯᠬᠦ ᠲᠤᠬᠠᠢ ᠰᠠᠨᠠᠯ︾᠂ ︽ | ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ | ᠪᠦᠷᠢᠨᠰᠢᠭᠦᠯᠬᠦ ᠲᠤᠬᠠᠢ ᠬᠡᠷᠡᠭᠵᠢᠭᠦᠯᠬᠦ ᠰᠠᠨᠠᠯ︾᠂ ︽ᠲᠤᠰᠬᠠᠢ ᠮᠡᠷᠭᠡᠵᠢᠯᠲᠡᠨ ᠤ ᠣᠯᠠᠨ ᠨᠡᠶᠢᠲᠡ ᠶᠢᠨ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠤ ᠣᠷᠤᠯᠴᠠᠬᠤ ᠦᠶ᠋ᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ | ᠵᠢᠯᠤᠭᠤᠳᠬᠤ ᠰᠠᠨᠠᠯ︾᠂ ︽ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠶᠢ | ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾ ᠢ ᠬᠢᠨᠠᠨ ᠵᠥᠪᠯᠡᠵᠦ ᠪᠠᠲᠤᠯᠠᠪᠠ᠃ | ᠰᠢ ᠶᠢᠨ ᠫᠢᠩ ᠬᠤᠷᠠᠯ ᠢ ᠡᠷᠭᠢᠯᠡᠭᠦ ᠳᠡᠭᠡᠨ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ | ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠴᠢᠬᠤᠯᠠ ᠬᠠᠷᠠᠯᠲᠠ | ᠮᠥᠨ᠂ 2035 ᠣᠨ ᠪᠤᠯᠬᠤ ᠳᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠢ | ᠦᠨᠳᠦᠰᠦᠨ ᠳᠡᠭᠡᠨ ᠪᠡᠶᠡᠯᠡᠭᠦᠯᠬᠦ ᠬᠠᠷᠠᠯᠲᠠ ᠶᠢ ᠣᠨᠢᠯᠠᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠤᠯᠲᠠ ᠶᠢ | ᠦᠷᠭᠦᠯᠵᠢᠯᠡᠨ ᠭᠦᠨᠵᠡᠭᠡᠢ ᠠᠬᠢᠭᠤᠯᠵᠤ᠂ ᠬᠥᠭᠵᠢᠯᠲᠡ ᠶᠢᠨ ᠭᠡᠯᠪᠡᠷᠢ ᠶᠢ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ | ᠲᠦᠷᠭᠡᠳᠬᠡᠵᠦ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ | ᠴᠢᠨᠠᠷ ᠢ ᠳᠡᠭᠡᠭᠰᠢᠯᠡᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠪᠠᠲᠤᠯᠠᠭ᠎ᠠ ᠶᠢᠨ ᠰᠢᠰᠲ᠋ᠧᠮ ᠢ | ᠪᠦᠷᠢᠨᠰᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠦᠨᠳᠦᠰᠦᠨ ᠰᠠᠶᠢᠵᠢᠷᠠᠯᠲᠠ ᠶᠢ ᠪᠡᠶᠡᠯᠡᠭᠦᠯᠬᠦ ᠶᠢ ᠠᠬᠢᠭᠤᠯᠬᠤ | ᠬᠡᠷᠡᠭᠲᠡᠢ᠃ ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢᠨ ᠡᠵᠡᠩᠨᠡᠯᠲᠡ ᠶᠢᠨ ᠲᠥᠰᠥᠪ ᠪᠣᠯ ᠤᠯᠤᠰ ᠤᠨ | ᠲᠥᠰᠥᠪ ᠤᠨ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢᠨ | ᠡᠵᠡᠩᠨᠡᠯᠲᠡ ᠶᠢᠨ ᠲᠥᠰᠥᠪ ᠤᠨ ᠳᠦᠷᠢᠮ ᠢ ᠲᠡᠭᠦᠯᠳᠡᠷᠵᠢᠭᠦᠯᠵᠦ᠂ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠨ᠂ ᠴᠢᠳᠠᠮᠵᠢ | ᠦᠢᠯᠡᠳᠦᠯ ᠢ ᠴᠢᠩᠭᠠᠳᠬᠠᠵᠤ᠂ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠪᠡᠯᠡ ᠮᠥᠩᠭᠦ ᠶᠢᠨ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠶᠢᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠵᠦ᠂ ᠳᠦᠷᠢᠮ ᠤᠨ ᠵᠢᠷᠤᠭ ᠲᠥᠯᠥᠪᠯᠡᠭᠡ ᠶᠢ ᠴᠢᠩᠭᠠᠳᠬᠠᠵᠤ | ᠂ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ | ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠶᠢ | ᠡᠵᠡᠮᠳᠡᠬᠦ ᠬᠦᠴᠦᠨ ᠢ ᠴᠢᠩᠭᠠᠳᠬᠠᠵᠤ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠬᠤ | ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠤᠯᠤᠰ ᠤᠨ ᠠᠮᠤᠷ ᠲᠦᠪᠰᠢᠨ ᠢ ᠨᠡᠩ ᠰᠠᠶᠢᠲᠤᠷ ᠪᠠᠲᠤᠯᠠᠬᠤ ᠬᠡᠷᠡᠭᠲᠡᠢ᠃ | ᠤᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠡᠩ ᠰᠠᠶᠢᠲᠤᠷ ᠦᠢᠯᠡᠴᠢᠯᠡᠬᠦ ᠪᠠ ᠲᠤᠯᠭᠠᠭᠤᠷᠢᠯᠠᠬᠤ ᠳᠤ | ᠰᠠᠭᠤᠷᠢᠯᠠᠵᠤ᠂ ᠲᠤᠰᠬᠠᠢ ᠮᠡᠷᠭᠡᠵᠢᠯᠲᠡᠨ ᠤ ᠣᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ | ᠦᠶ᠋ᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ | ᠳᠡᠰ ᠳᠠᠷᠠᠭᠠᠯᠠᠯ ᠪᠠᠷᠢᠮᠵᠢᠶ᠎ᠠ ᠶᠢ ᠵᠢᠷᠤᠮᠵᠢᠭᠤᠯᠵᠤ᠂ ᠪᠦᠭᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠥᠮᠥᠨ ᠤ | ᠴᠢᠳᠠᠪᠤᠷᠢ ᠶᠢ ᠭᠦᠢᠴᠡᠳ ᠪᠠᠳᠠᠷᠠᠭᠤᠯᠤᠭᠰᠠᠨ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ᠂ ᠰᠤᠷᠲᠠᠯ ᠴᠢᠬᠡᠴᠢ ᠣᠪᠣᠷ | ᠲᠥᠪ ᠪᠦᠬᠦᠢ ᠲᠤᠰᠬᠠᠢ ᠮᠡᠷᠭᠡᠵᠢᠯᠲᠡᠨ ᠤ ᠤᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ | ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠵᠤ ᠬᠠᠮᠢᠶᠠᠷᠤᠨ | ᠡᠵᠡᠮᠳᠡᠬᠦ ᠨᠢ ᠠᠮᠢ ᠠᠬᠤᠢ ᠣᠷᠴᠢᠨ ᠲᠣᠭᠤᠷᠢᠨ ᠤ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠰᠢᠰ᠊ ᠲᠧᠮ ᠳᠤ | ᠰᠠᠭᠤᠷᠢᠯᠠᠬᠤ ᠴᠢᠨᠠᠷᠲᠠᠢ ᠦᠢᠯᠡᠳᠦᠯ ᠲᠠᠢ ᠶᠤᠮ᠂ ᠦᠵᠦ ᠲᠥᠯᠥᠪᠯᠡᠭᠡ ᠶᠢ ᠴᠢᠩᠭᠠᠳᠬᠠᠵᠤ᠂ ᠳᠦᠷᠢᠮ ᠤᠨ ᠰᠢᠰ᠊ ᠲᠧᠮ ᠢ | ᠲᠡᠭᠦᠯᠳᠡᠷᠵᠢᠭᠦᠯᠵᠦ᠂ ᠠᠮᠢ ᠠᠬᠤᠢ ᠶᠢᠨ ᠦᠢᠯᠡᠳᠦᠯ ᠴᠢᠳᠠᠮᠵᠢ ᠶᠢ ᠪᠠᠲᠤᠯᠠᠬᠤ ᠪᠠ ᠣᠷᠴᠢᠨ ᠲᠣᠭᠤᠷᠢᠨ ᠤ ᠶᠠᠰᠤ ᠴᠢᠨᠠᠷ ᠢ | ᠰᠠᠶᠢᠵᠢᠷᠠᠭᠤᠯᠬᠤ ᠪᠠᠷ ᠬᠠᠷᠠᠯᠲᠠ ᠪᠤᠯᠭᠠᠵᠤ᠂ ᠠᠮᠢ ᠠᠬᠤᠢ ᠣᠷᠴᠢᠨ ᠲᠣᠭᠤᠷᠢᠨ ᠤ ᠣᠷᠣᠨ ᠪᠦᠰᠡ ᠬᠤᠪᠢᠶᠠᠭᠰᠠᠨ | ᠵᠦᠷᠢᠶᠡᠴᠢᠯᠡᠭᠰᠡᠨ ᠨᠠᠷᠢᠯᠢᠭ ᠣᠨᠣᠴᠠᠲᠠᠢ ᠬᠠᠮᠢᠶᠠᠷᠤᠨ ᠡᠵᠡᠮᠳᠡᠬᠦ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠋ ᠨᠢᠩ᠂ | ᠼᠠᠢ ᠴᠢ ᠬᠤᠷᠠᠯ ᠳᠤ ᠣᠷᠣᠯᠴᠠᠵᠠᠢ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠳᠤ ᠣᠨᠣᠯ ᠠᠴᠠ ᠦᠢᠯᠡᠳᠦᠯᠭᠡ ᠳᠤ ᠭᠦᠷᠲᠡᠯ᠎ᠡ ᠴᠥᠮ ᠲᠡᠦᠬᠡᠲᠦ ᠴᠢᠨᠠᠷᠲᠠᠢ᠂ ᠡᠷᠭᠢᠯᠲᠡ ᠶᠢᠨ | ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠠᠢ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠬᠡᠷᠡᠭᠴᠡᠭᠡ᠂ ᠠᠷᠠᠳ ᠣᠯᠠᠨ ᠤ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ ᠰᠢᠨ᠎ᠡ | ᠬᠦᠰᠡᠯ ᠪᠠᠷᠠᠯᠠᠯ ᠢ ᠦᠨᠳᠦᠰᠦᠯᠡᠵᠦ᠂ ᠠᠮᠢ ᠠᠬᠤᠢ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ | ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ | ᠬᠦᠴᠦᠯᠡᠨ ᠰᠠᠶᠢᠲᠤᠷ ᠠᠳᠬᠤᠵᠤ᠂ ᠤᠷᠢᠳ ᠢᠶᠠᠷ ᠰᠦᠪᠡᠭᠴᠢᠯᠡᠵᠦ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ | ᠰᠠᠶᠢᠲᠤᠷ ᠪᠠᠳᠠᠷᠠᠭᠤᠯᠵᠤ᠂ ᠪᠦᠭᠦ ᠠᠷᠠᠳ ᠤᠨ ᠠᠵᠢᠯᠯᠠᠭ᠎ᠠ ᠶᠢ ᠥᠷᠨᠢᠭᠦᠯᠵᠦ᠂ ᠬᠡᠰᠡᠭ ᠲᠠᠯ᠎ᠠ ᠪᠠ ᠪᠦᠭᠦ ᠲᠠᠯ᠎ᠠ ᠶᠢ | ᠵᠣᠬᠢᠴᠠᠭᠤᠯᠬᠤ᠂ ᠦᠩᠭᠡᠨ ᠲᠠᠯ᠎ᠠ ᠶᠢ ᠵᠠᠰᠠᠬᠤ ᠪᠠ ᠦᠨᠳᠦᠰᠦᠨ ᠠᠴᠠ ᠨᠢ ᠵᠠᠰᠠᠬᠤ ᠶᠢ ᠤᠶᠠᠯᠳᠤᠭᠤᠯᠬᠤ᠂ ᠣᠳᠣᠬᠠᠨ ᠤ ᠪᠠ | ᠠᠯᠤᠰ ᠭᠡᠳᠦ ᠶᠢ ᠤᠶᠠᠯᠳᠤᠭᠤᠯᠬᠤ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ | ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠳᠦᠷᠦᠯ ᠬᠤᠪᠢᠶᠠᠨ ᠳᠦᠷᠦ ᠶᠢᠨ ᠪᠣᠳᠣᠯᠭ᠎ᠠ | ᠬᠡᠷᠡᠭᠵᠢᠭᠦᠯᠵᠦ᠂ ᠣᠷᠣᠨ ᠬᠤᠪᠢᠶᠠᠨ ᠵᠠᠰᠠᠵᠤ᠂ ᠨᠠᠷᠢᠯᠢᠭᠵᠢᠭᠤᠯᠤᠨ ᠪᠦᠲᠦᠭᠡᠨ ᠪᠠᠶᠢᠭᠤᠯᠵᠤ᠂ ᠠᠯᠢ ᠤᠯᠠᠨ ᠪᠣᠳᠠᠲᠠᠢ | ᠠᠵᠢᠯᠯᠠᠭ᠎ᠠ ᠪᠠᠷ ᠳᠠᠮᠵᠢᠭᠤᠯᠤᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠬᠠᠷᠠᠯᠲᠠ ᠶᠢ ᠠᠯᠬᠤᠮ | ᠠᠯᠬᠤᠮ ᠢᠶᠠᠷ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠲᠥᠰᠥᠪ ᠤᠨ ᠠᠵᠢᠯ ᠨᠢ ᠨᠠᠮ ᠪᠣᠯᠣᠨ ᠤᠯᠤᠰ ᠤᠨ ᠬᠦᠰᠡᠯ ᠵᠣᠷᠢᠯᠲᠠ ᠶᠢ ᠢᠯᠡᠷᠡᠭᠦᠯᠵᠦ᠂ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠪᠦᠲᠦᠭᠡᠬᠦ | ᠪᠠᠶᠢᠭᠤᠯᠤᠮᠵᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠢ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠳᠤ ᠲᠣᠬᠢᠷᠠᠭᠤᠯᠤᠯᠲᠠ ᠬᠢᠬᠦ ᠶᠢ ᠠᠬᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢ ᠤᠯᠤᠰ ᠤᠨ ᠠᠮᠤᠷ ᠲᠦᠪᠰᠢᠨ᠂ ᠤᠯᠤᠰ ᠠᠷᠠᠳ ᠤᠨ | ᠠᠵᠤ ᠠᠬᠤᠢ ᠶᠢᠨ ᠠᠮᠢᠨ ᠰᠤᠳᠠᠰᠤ ᠳᠤ ᠬᠤᠯᠪᠣᠭᠳᠠᠬᠤ ᠴᠢᠬᠤᠯᠠ ᠠᠵᠢᠯ ᠲᠦᠷᠦᠯ ᠪᠠ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ | ᠲᠡᠶᠢᠰᠢ ᠲᠥᠪᠯᠡᠷᠡᠭᠦᠯᠬᠦ᠂ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠳᠤ ᠬᠤᠯᠪᠣᠭᠳᠠᠬᠤ ᠤᠯᠠᠨ ᠨᠡᠶᠢᠲᠡ ᠶᠢᠨ | ᠦᠢᠯᠡᠴᠢᠯᠡᠭᠡ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠦᠷᠢᠶ᠎ᠡ ᠴᠠᠷᠠᠭ᠎ᠠ | ᠵᠡᠷᠭᠡ ᠳᠤ ᠲᠥᠪᠯᠡᠷᠡᠭᠦᠯᠬᠦ᠂ ᠪᠠᠷᠠᠯᠠᠯᠳᠤ ᠴᠢᠨᠠᠷᠲᠠᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠲᠡᠶᠢᠰᠢ ᠲᠥᠪᠯᠡᠷᠡᠭᠦᠯᠬᠦ ᠶᠢ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠨᠡᠩ ᠰᠠᠶᠢᠲᠤᠷ | ᠦᠢᠯᠡᠴᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ︽ᠠᠷᠪᠢᠯᠠᠵᠤ ᠠᠮᠢᠳᠤᠷᠠᠬᠤ︾ ᠦᠵᠡᠯ | ᠰᠠᠨᠠᠭ᠎ᠠ ᠶᠢ ᠢᠮᠠᠭᠲᠠ ᠪᠠᠷᠢᠮᠲᠠᠯᠠᠵᠤ᠂ ᠡᠳ᠋ ᠤᠨ ᠵᠠᠰᠠᠭ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ | ᠲᠥᠯᠥᠪᠵᠢᠭᠦᠯᠬᠦ ᠪᠠ ᠵᠦᠢ ᠵᠣᠬᠢᠰᠲᠠᠢ ᠪᠠᠷ ᠬᠤᠪᠢᠶᠠᠷᠢᠯᠠᠬᠤ ᠶᠢ ᠴᠢᠩᠭᠠᠳᠬᠠᠵᠤ᠂ ᠲᠥᠰᠥᠪ ᠤᠨ ᠣᠷᠣᠯᠭ᠎ᠠ ᠵᠠᠷᠤᠯᠭ᠎ᠠ ᠶᠢᠨ | ᠬᠡᠪᠴᠢᠶ᠎ᠡ ᠶᠢ ᠵᠦᠢ ᠵᠣᠬᠢᠰᠲᠠᠢ ᠪᠠᠷ ᠲᠣᠭᠲᠠᠭᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠢᠭᠡᠳᠦᠯᠲᠡᠢ | ᠲᠥᠯᠥᠪᠵᠢᠭᠦᠯᠵᠦ᠂ ᠱᠠᠯᠢᠨ ᠪᠦᠷᠢᠯᠭᠡᠵᠦ ᠰᠦᠢᠳᠬᠡᠬᠦ ᠵᠡᠷᠭᠡ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠢ᠃ ᠲᠥᠰᠥᠪ ᠢ | ᠬᠠᠤᠯᠢ ᠪᠠᠷ ᠲᠣᠭᠲᠠᠭᠠᠬᠤ ᠶᠢ ᠪᠠᠷᠢᠮᠲᠠᠯᠠᠵᠤ᠂ ᠲᠥᠰᠥᠪ ᠤᠨ ᠬᠦᠯᠢᠶᠡᠰᠦᠯᠡᠯ ᠢ ᠴᠢᠩᠭᠠᠳᠬᠠᠵᠤ᠂ ᠲᠥᠰᠥᠪ ᠢ ᠠᠮᠵᠢᠯᠲᠠ | ᠪᠦᠲᠦᠮᠵᠢ ᠪᠠᠷ ᠬᠠᠮᠢᠶᠠᠷᠬᠤ ᠶᠢ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ | ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠴᠠᠭᠢᠯᠭᠠᠨ ᠬᠦᠴᠦ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ᠂ ᠲᠡᠮᠦᠷ ᠵᠠᠮ ᠵᠡᠷᠭᠡ ᠠᠵᠢᠯ | ᠲᠦᠷᠦᠯ ᠤᠨ ᠰᠦᠯᠵᠢᠶᠡᠨ ᠤ ᠭᠤᠭᠴᠤᠭ᠎ᠠ ᠨᠢ ᠠᠶᠠᠨᠳᠠᠭᠠᠨ ᠭᠠᠭᠴᠠᠭᠠᠷ ᠡᠵᠡᠮᠰᠢᠬᠦ ᠰᠢᠨᠵᠢ ᠴᠢᠨᠠᠷ ᠲᠠᠢ ᠪᠠᠶᠢᠵᠤ᠂ ᠮᠠᠨ ᠤ | ᠤᠯᠤᠰ ᠤᠨ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠭᠤᠯᠤᠯᠲᠠ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ | ᠪᠣᠯᠣᠨ᠎ᠠ᠃ ᠬᠢᠨᠠᠨ ᠬᠠᠮᠢᠶᠠᠷᠬᠤ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠬᠢᠨᠠᠨ ᠬᠠᠮᠢᠶᠠᠷᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠳᠤ ᠤᠯᠤᠰ ᠤᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠪᠠ ᠲᠥᠯᠦᠪᠵᠢᠭᠦᠯᠭᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ᠂ ᠤᠯᠤᠰ ᠤᠨ ᠠᠮᠤᠷ ᠲᠦᠪᠰᠢᠨ ᠤ | ᠬᠠᠷᠢᠭᠤᠴᠠᠯᠭ᠎ᠠ ᠶᠢ ᠭᠦᠢᠴᠡᠳᠬᠡᠬᠦ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ᠂ ᠡᠵᠡᠩᠨᠡᠯᠲᠡ ᠶᠢᠨ ᠬᠡᠪᠴᠢᠶ᠎ᠡ ᠪᠠ | ᠡᠵᠡᠩᠨᠡᠯᠲᠡ ᠶᠢᠨ ᠦᠢᠯᠡ ᠠᠵᠢᠯᠯᠠᠭ᠎ᠠ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ | ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠳᠤ ᠪᠠᠶᠢᠭ᠎ᠠ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ | ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢᠨ ᠰᠦᠯᠵᠢᠶᠡᠨ ᠤ | ᠭᠡᠯᠪᠡᠷᠢ ᠶᠢᠨ ᠰᠠᠭᠤᠷᠢ ᠲᠥᠬᠦᠭᠡᠷᠦᠮᠵᠢ ᠳᠠᠬᠢ ᠣᠷᠣᠭᠤᠯᠤᠯᠲᠠ ᠶᠢ ᠨᠡᠮᠡᠭᠳᠡᠭᠦᠯᠬᠦ ᠶᠢ ᠠᠬᠢᠭᠤᠯᠵᠤ᠂ ᠭᠤᠣᠯᠯᠠᠬᠤ | ᠰᠦᠯᠵᠢᠶᠡᠨ ᠤ ᠠᠮᠤᠷ ᠲᠦᠪᠰᠢᠨ ᠤ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠠᠶᠠᠨᠳᠠᠭᠠᠨ ᠭᠠᠭᠴᠠᠭᠠᠷ | ᠡᠵᠡᠮᠰᠢᠬᠦ ᠭᠤᠭᠴᠤᠭ᠎ᠠ ᠶᠢᠨ ᠭᠠᠭᠴᠠᠭᠠᠷ ᠡᠵᠡᠮᠰᠢᠬᠦ ᠴᠢᠨᠠᠷᠲᠠᠢ ᠲᠤᠬᠠᠶᠢᠯᠠᠭᠰᠠᠨ ᠠᠵᠢᠯ ᠪᠠ ᠥᠷᠢᠰᠦᠯᠳᠦᠬᠦ ᠴᠢᠨᠠᠷᠲᠠᠢ | ᠲᠤᠬᠠᠶᠢᠯᠠᠭᠰᠠᠨ ᠠᠵᠢᠯ ᠢ ᠥᠷᠨᠢᠭᠦᠯᠬᠦ ᠬᠦᠷᠢᠶ᠎ᠡ ᠬᠡᠪᠴᠢᠶ᠎ᠡ ᠶᠢ ᠬᠢᠨᠠᠨ ᠬᠠᠮᠢᠶᠠᠷᠴᠤ᠂ ᠭᠠᠭᠴᠠᠭᠠᠷ ᠡᠵᠡᠮᠰᠢᠬᠦ | ᠳᠠᠪᠠᠭᠤᠯᠢᠭ ᠢᠶᠠᠨ ᠠᠰᠢᠭᠯᠠᠨ ᠡᠬᠢᠨ ᠤ ᠪᠠ ᠡᠴᠦᠰ ᠤᠨ ᠬᠡᠯᠬᠢᠶ᠎ᠡ ᠶᠢᠨ ᠥᠷᠢᠰᠦᠯᠳᠦᠬᠦ ᠴᠢᠨᠠᠷᠲᠠᠢ ᠭᠤᠭᠴᠤᠭ᠎ᠠ ᠲᠡᠶᠢᠰᠢ | ᠤᠷᠲᠤᠳᠬᠠᠬᠤ ᠶᠢ ᠰᠡᠷᠭᠡᠶᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠲᠤᠰᠬᠠᠢ ᠮᠡᠷᠭᠡᠵᠢᠯᠲᠡᠨ ᠪᠣᠯ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠴᠢᠬᠤᠯᠠ ᠤᠶᠤᠨ ᠤ ᠡᠬᠢ | ᠪᠠᠶᠠᠯᠢᠭ ᠮᠥᠨ᠂ ᠲᠤᠰᠬᠠᠢ ᠮᠡᠷᠭᠡᠵᠢᠯᠲᠡᠨ ᠤ ᠡᠩᠨᠡᠭᠡ ᠶᠢᠨ ᠤᠯᠤᠰ ᠲᠦᠷᠦ ᠶᠢᠨ ᠬᠥᠲᠥᠯᠥᠨ ᠵᠢᠯᠤᠭᠤᠳᠬᠤ ᠶᠢ | ᠴᠢᠩᠭᠠᠳᠬᠠᠵᠤ᠂ ᠲᠤᠰᠬᠠᠢ ᠮᠡᠷᠭᠡᠵᠢᠯᠲᠡᠨ ᠤ ᠤᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ | ᠲᠦᠷᠦ ᠶᠢᠨ ᠪᠣᠳᠣᠯᠭ᠎ᠠ ᠶᠢᠨ ᠪᠠᠲᠤᠯᠠᠭ᠎ᠠ ᠪᠣᠯᠣᠨ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠲᠤᠰᠬᠠᠢ | ᠮᠡᠷᠭᠡᠵᠢᠯᠲᠡᠨ ᠤ ᠢᠳᠡᠪᠬᠢᠵᠢᠯ ᠪᠣᠯᠣᠨ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠢ᠃ ᠲᠤᠰᠬᠠᠢ | ᠮᠡᠷᠭᠡᠵᠢᠯᠲᠡᠨ ᠢ ᠰᠢᠯᠢᠨ ᠰᠣᠩᠭᠤᠬᠤ ᠠᠴᠠ ᠠᠪᠤᠭᠠᠳ ᠬᠢᠨᠠᠨ ᠰᠢᠯᠭᠠᠵᠤ ᠬᠢᠨᠠᠯᠲᠠ ᠲᠠᠯᠪᠢᠬᠤ ᠬᠦᠷᠲᠡᠯᠡᠬᠢ ᠪᠦᠭᠦ ᠶᠠᠪᠤᠴᠠ᠂ | ᠪᠦᠭᠦ ᠬᠡᠯᠬᠢᠶᠡᠨ ᠤ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠲᠤᠰᠬᠠᠢ | ᠮᠡᠷᠭᠡᠵᠢᠯᠲᠡᠨ ᠤ ᠤᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠳᠦᠷᠢᠮ ᠤᠨ ᠵᠢᠷᠤᠮᠵᠢᠯ ᠢ | ᠬᠦᠷᠢᠶ᠎ᠡ ᠴᠠᠷᠠᠭ᠎ᠠ ᠬᠤᠪᠢᠶᠠᠨ ᠲᠦᠷᠦᠯ ᠢᠯᠭᠠᠯ ᠬᠤᠪᠢᠶᠠᠨ ᠲᠡᠭᠦᠯᠳᠡᠷᠵᠢᠭᠦᠯᠵᠦ᠂ ᠲᠤᠰᠬᠠᠢ ᠮᠡᠷᠭᠡᠵᠢᠯᠲᠡᠨ ᠤ ᠤᠯᠠᠨ | ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠲᠤᠰᠢᠶᠠᠯ ᠬᠠᠷᠢᠭᠤᠴᠠᠯᠭ᠎ᠠ ᠶᠢᠨ ᠪᠠᠶᠢᠷᠢ | ᠲᠣᠭᠲᠠᠭᠠᠯᠲᠠ᠂ ᠡᠷᠬᠡ ᠡᠭᠦᠷᠭᠡ ᠪᠣᠯᠣᠨ ᠬᠠᠷᠠᠭᠠᠯᠵᠠᠭᠰᠠᠨ ᠬᠠᠷᠢᠭᠤᠴᠠᠯᠭ᠎ᠠ ᠵᠡᠷᠭᠡ ᠶᠢ ᠲᠣᠳᠣᠷᠬᠠᠶᠢᠯᠠᠵᠤ᠂ ᠡᠳᠡᠭᠡᠷ ᠲᠤᠰᠬᠠᠢ | ᠮᠡᠷᠭᠡᠵᠢᠯᠲᠡᠨ ᠤ ᠨᠠᠮ ᠪᠣᠯᠣᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠶᠢ | ᠴᠢᠩᠭᠠᠳᠬᠠᠬᠤ ᠳᠤ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠣᠯᠣᠨ ᠬᠡᠷᠡᠭᠴᠡᠭᠡ ᠶᠢᠨ ᠬᠠᠮᠢᠶᠠᠷᠤᠯᠲᠠ ᠶᠢᠨ | ᠳᠦᠷᠢᠮ ᠢ ᠵᠣᠯᠭᠠᠭᠤᠯᠵᠤ᠂ ᠣᠷᠣᠨ ᠪᠦᠰᠡ ᠶᠢᠨ ᠴᠢᠨᠠᠷᠲᠠᠢ᠂ ᠰᠠᠪᠠ ᠭᠠᠵᠠᠷ ᠤᠨ ᠴᠢᠨᠠᠷᠲᠠᠢ ᠠᠮᠢ ᠠᠬᠤᠢ ᠣᠷᠴᠢᠨ | ᠲᠣᠭᠤᠷᠢᠨ ᠤ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠣᠷᠴᠢᠨ ᠲᠣᠭᠤᠷᠢᠨ ᠢ | ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠲᠥᠰᠥᠯ ᠢ ᠲᠡᠭᠦᠯᠳᠡᠷᠵᠢᠭᠦᠯᠵᠦ᠂ ᠠᠰᠠᠭᠤᠳᠠᠯ ᠢ ᠢᠯᠭᠠᠨ ᠲᠠᠨᠢᠬᠤ ᠠᠴᠠ | ᠰᠢᠢᠳᠪᠦᠷᠢᠯᠡᠬᠦ ᠲᠥᠰᠥᠯ ᠬᠦᠷᠲᠡᠯᠡᠬᠢ ᠣᠷᠣᠨ ᠬᠤᠪᠢᠶᠠᠨ ᠲᠦᠷᠦᠯ ᠬᠤᠪᠢᠶᠠᠨ ᠬᠠᠮᠢᠶᠠᠷᠤᠨ ᠡᠵᠡᠮᠳᠡᠬᠦ ᠠᠷᠭ᠎ᠠ ᠪᠣᠳᠣᠯᠭ᠎ᠠ ᠶᠢ | ᠲᠣᠭᠲᠠᠭᠠᠬᠤ ᠬᠡᠷᠡᠭᠲᠡᠢ᠃ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠣᠷᠣᠨ | ᠬᠤᠪᠢᠶᠠᠵᠤ ᠬᠠᠮᠢᠶᠠᠷᠤᠨ ᠡᠵᠡᠮᠳᠡᠭᠰᠡᠨ ᠦᠷ᠎ᠡ ᠪᠦᠲᠦᠭᠡᠯ ᠢ ᠠᠰᠢᠭᠯᠠᠵᠤ᠂ ᠤᠯᠤᠰ ᠪᠣᠯᠣᠨ ᠣᠷᠣᠨ ᠨᠤᠲᠤᠭ ᠤᠨ ᠴᠢᠬᠤᠯᠠ | ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠳᠤ ᠦᠢᠯᠡᠴᠢᠯᠡᠵᠦ᠂ ᠡᠯ᠎ᠡ ᠲᠥᠷᠥᠯ ᠤᠨ ᠨᠡᠭᠡᠭᠡᠨ | ᠬᠥᠭᠵᠢᠭᠦᠯᠵᠦ ᠬᠠᠮᠠᠭᠠᠯᠠᠬᠤ ᠪᠦᠲᠦᠭᠡᠨ ᠪᠠᠶᠢᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠵᠢᠯᠤᠭᠤᠳᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠡᠰᠢᠭᠦᠳ ᠬᠤᠷᠠᠯ ᠳᠤ | ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ | | |