ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2023/11/26
     9 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠣᠳᠠᠲᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠥᠰᠥᠯ ᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠵᠡᠶ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠤᠶᠠᠯᠳᠤᠭᠤᠯᠵᠤ᠂ ᠪᠣᠳᠠᠲᠠᠢ ᠲᠥᠷᠥᠯ ᠵᠦᠢᠯ ᠢ ᠰᠠᠶᠢᠲᠤᠷ ᠲᠥᠯᠥᠪᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢᠶᠠᠷ ᠪᠦᠭᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠪᠠ ᠰᠢᠨ᠎ᠡ ᠡᠨᠧᠷᠭᠢ ᠶᠢ ᠳᠠᠭᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠨᠠᠷᠢᠯᠢᠭ ᠪᠠᠶᠢᠷᠢᠰᠢᠭᠤᠯᠵᠤ᠂ ᠲᠠᠷᠢᠶᠠᠯᠠᠩ ᠭᠡᠷᠡᠯᠴᠢ ᠴᠡᠨᠡᠭ ᠢ ᠬᠠᠷᠢᠯᠴᠠᠨ ᠨᠥᠬᠦᠪᠦᠷᠢᠯᠡᠭᠦᠯᠬᠦ᠂ ᠣᠶ ᠰᠢᠭᠤᠢ ᠭᠡᠷᠡᠯᠴᠢ ᠴᠡᠨᠡᠭ ᠢ ᠬᠠᠷᠢᠯᠴᠠᠨ ᠨᠥᠬᠦᠪᠦᠷᠢᠯᠡᠭᠦᠯᠬᠦ᠂ ᠮᠠᠯ ᠠᠵᠤ ᠠᠬᠤᠢ ᠭᠡᠷᠡᠯᠴᠢ ᠴᠡᠨᠡᠭ ᠢ ᠬᠠᠷᠢᠯᠴᠠᠨ ᠨᠥᠬᠦᠪᠦᠷᠢᠯᠡᠭᠦᠯᠬᠦ ᠲᠠᠯ᠎ᠠ ᠪᠠᠷ ᠨᠠᠩ ᠣᠯᠠᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ ᠳ᠋ᠦᠩᠨᠡᠬᠦ ᠬᠡᠷᠡᠭᠲᠡᠢ᠃ ᠰᠢᠨ᠎ᠡ ᠡᠨᠧᠷᠭᠢ ᠶᠢᠨ ᠴᠠᠭᠢᠯᠭᠠᠨ ᠬᠦᠴᠦᠨ ᠢ ᠠᠰᠢᠭᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠯᠡᠭᠡᠨ ᠤ ᠪᠠᠶᠢᠳᠠᠯ ᠤᠨ ᠪᠠᠶᠢᠷᠢᠰᠢᠭᠤᠯᠤᠯᠲᠠ ᠶᠢ ᠰᠠᠶᠢᠲᠤᠷ ᠲᠥᠯᠥᠪᠵᠢᠭᠦᠯᠵᠦ᠂ ᠨᠠᠷᠠᠨ ᠤ ᠡᠨᠧᠷᠭᠢ ᠶᠢ ᠲᠠᠶᠠᠭᠳᠠᠬᠤ ᠦᠵᠡᠭᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠢ᠃ ᠴᠠᠭᠢᠯᠭᠠᠨ ᠲᠣᠣᠷ ᠪᠣᠯᠣᠨ ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠱᠤᠭᠤᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠡᠨᠧᠷᠭᠢ ᠪᠠᠷ ᠭᠤᠣᠯ ᠴᠣᠭᠴᠠ ᠪᠤᠯᠭᠠᠬᠰᠠᠨ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠨᠢᠭᠡ ᠲᠠᠯ᠎ᠠ ᠪᠠᠷ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠶᠢ ᠠᠳᠬᠤᠵᠤ᠂ ᠨᠦᠭᠦᠭᠡ ᠲᠠᠯ᠎ᠠ ᠪᠠᠷ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢ ᠠᠳᠬᠤᠵᠤ᠂ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠬᠦᠴᠦᠷᠬᠡᠭᠵᠢᠭᠦᠯᠬᠦ ᠬᠡᠯᠬᠢᠶ᠎ᠡ ᠶᠢ ᠨᠥᠬᠦᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠪᠠ᠃ ᠬᠤᠷᠠᠯ ᠠᠴᠠ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠰᠤᠳᠤᠯᠵᠤ᠂ ᠨᠢᠭᠡ ᠳᠤ᠂ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ ᠶᠢᠨ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠵᠤ᠂ ᠪᠦᠭᠦ ᠬᠦᠴᠦᠨ ᠢᠶᠠᠷ ᠢᠶᠠᠨ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠨᠠᠷᠢᠨ ᠨᠢᠮᠪᠠᠢ ᠲᠥᠯᠥᠪᠵᠢᠭᠦᠯᠵᠦ᠂ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠤᠨ ᠰᠠᠭᠤᠷᠢ ᠲᠥᠬᠦᠭᠡᠷᠦᠮᠵᠢ᠂ ᠠᠵᠤ ᠦᠢᠯᠡᠰ ᠤᠨ ᠪᠦᠯᠦᠭᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠭᠠᠳᠠᠭᠠᠳᠤ ᠨᠡᠭᠡᠭᠡᠯᠲᠡ ᠵᠡᠷᠭᠡ ᠲᠠᠯ᠎ᠠ ᠶᠢᠨ ᠨᠢᠭᠡ ᠴᠣᠭᠴᠠᠵᠢᠯᠲᠠ ᠶᠢ ᠬᠡᠷᠬᠢᠨ ᠪᠡᠶᠡᠯᠡᠭᠦᠯᠬᠦ ᠲᠤᠬᠠᠢ ᠵᠦᠢᠯ ᠳᠠᠷᠠᠭᠠᠯᠠᠨ ᠰᠤᠳᠤᠯᠬᠤ ᠬᠡᠷᠡᠭᠲᠡᠢ᠃ ᠭᠤᠷᠪᠠ ᠳᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠵᠤᠷᠰᠢᠯ ᠢ ᠡᠪᠳᠡᠵᠦ᠂ ᠠᠶᠢᠮᠠᠭ ᠬᠤᠲᠠ ᠪᠠ ᠲᠢᠩᠬᠢᠮ ᠲᠣᠪᠴᠢᠶ᠎ᠠ ᠴᠥᠮ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠡᠷᠦ ᠪᠤᠰᠤ ᠶᠢᠨ ᠠᠷᠭ᠎ᠠ ᠬᠡᠮᠵᠢᠶ᠎ᠡ ᠶᠢ ᠳᠤᠷᠠᠳᠬᠤ ᠬᠡᠷᠡᠭᠲᠡᠢ᠃ ᠳᠥᠷᠪᠡ ᠳᠤ᠂ ᠠᠷᠭ᠎ᠠ ᠪᠦᠭᠦᠨ ᠢ ᠰᠦᠪᠡᠭᠴᠢᠯᠡᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠤᠯᠤᠰ ᠤᠨ ᠶᠡᠭᠡ ᠲᠠᠯ᠎ᠠ᠂ ᠥᠪᠡᠷᠲᠡᠭᠡᠨ ᠵᠠᠰᠠᠬᠤ ᠣᠷᠣᠨ ᠤ ᠪᠦᠭᠦ ᠲᠠᠯ᠎ᠠ ᠳᠤ ᠵᠣᠭᠰᠣᠨ ᠭᠦᠨᠵᠡᠭᠡᠢ ᠰᠤᠳᠤᠯᠤᠨ ᠠᠬᠢᠭᠤᠯᠵᠤ᠂ ᠳᠥᠷᠪᠡᠨ ᠬᠤᠲᠠ ᠶᠢ ᠨᠢᠭᠡ ᠬᠤᠲᠠ ᠶᠢᠨ ᠪᠦᠯᠦᠭᠵᠢᠯ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ ᠪᠠᠰᠠ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠲᠡᠭᠦᠯᠳᠡᠷᠵᠢᠭᠦᠯᠬᠦ ᠵᠡᠷᠭᠡ ᠵᠦᠢᠯᠡᠰ ᠤᠨ ᠲᠤᠬᠠᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号