ᠨᠢᠭᠡ᠂ ᠲᠤᠭᠤᠷᠪᠢᠨ ᠪᠢᠴᠢᠭᠰᠡᠨ ᠦᠨᠳᠦᠰᠦᠯᠡᠯ | ᠰᠢᠯᠢ ᠶᠢᠨ ᠭᠤᠣᠯ ᠠᠶᠢᠮᠠᠭ ᠤᠨ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ︽︿ | ᠰᠢᠯᠢ ᠶᠢᠨ ᠭᠤᠣᠯ ᠠᠶᠢᠮᠠᠭ ᠤᠨ ᠵᠠᠬᠢᠳᠠᠯ ᠰᠣᠷᠪᠣᠯᠵᠢᠯᠠᠭ᠎ᠠ ᠶᠢᠨ ᠣᠷᠣᠯᠠᠨ ᠬᠦᠢᠴᠡᠳᠭᠡᠬᠦ ᠠᠵᠢᠯ ᠤᠨ ᠭᠡᠷᠡᠭᠵᠢᠬᠦᠯᠬᠦ | ᠳᠦᠰᠦᠯ ︵ᠲᠣᠷᠰᠢᠨ ᠭᠡᠷᠡᠭᠵᠢᠬᠦᠯᠬᠦ︶﹀ ᠢ ᠲᠠᠷᠣᠮᠠᠯᠯᠠᠨ ᠶᠠᠪᠤᠭᠤᠯᠬᠤ ᠲᠣᠬᠠᠢ ᠮᠡᠳᠡᠭᠳᠡᠯ︾ ︵ᠰᠢᠯᠢ ᠶᠢᠨ ᠭᠤᠣᠯ | ᠠᠶᠢᠮᠠᠭ ᠤᠨ ᠵᠠᠬᠢᠳᠠᠯ ᠰᠣᠷᠪᠣᠯᠵᠢᠯᠠᠭ᠎ᠠ ᠶᠢᠨ ᠬᠤᠯᠪᠣᠭᠠᠯᠠᠭᠰᠠᠨ ︵2023︶ 5 ᠳ᠋ᠣᠭᠠᠷ ᠲᠣᠭᠠᠳᠣ︶ ᠤᠨ | ᠱᠠᠭᠠᠷᠳᠠᠯᠭ᠎ᠠ ᠶᠣᠰᠣᠭᠠᠷ᠂ ᠴᠡᠭ ᠢᠶᠠᠷ ᠨᠡᠶᠢᠳᠡᠮ ᠢ ᠲᠠᠶᠢᠴᠢᠯᠠᠨ᠂ ᠪᠦᠬᠦ ᠲᠠᠯ᠎ᠠ ᠪᠠᠷ ᠦᠷᠨᠢᠬᠦᠯᠵᠦ᠂ ᠵᠠᠬᠢᠳᠠᠯ | ᠰᠣᠷᠪᠣᠯᠵᠢᠯᠠᠭ᠎ᠠ ᠶᠢᠨ ᠣᠷᠣᠯᠠᠨ ᠬᠦᠢᠴᠡᠳᠭᠡᠬᠦ ᠲᠦᠷᠢᠮ ᠤᠨ ᠠᠵᠢᠯ ᠢ ᠨᠠᠶᠢᠳᠠᠪᠣᠷᠢᠵᠢᠭᠤᠯᠬᠤ ᠶᠢ ᠲᠦᠯᠬᠢᠨ | ᠠᠬᠢᠭᠤᠯᠵᠦ᠂ ᠵᠠᠬᠢᠳᠠᠯ ᠰᠣᠷᠪᠣᠯᠵᠢᠯᠠᠭ᠎ᠠ ᠶᠢᠨ ᠠᠷᠭ᠎ᠠ ᠵᠠᠮ ᠢ ᠣᠯᠠᠮ ᠨᠢᠭᠡ ᠠᠯᠬᠤᠮ ᠦᠷᠭᠡᠳᠭᠡᠵᠦ᠂ ᠵᠠᠬᠢᠳᠠᠯ | ᠰᠣᠷᠪᠣᠯᠵᠢᠯᠠᠭ᠎ᠠ ᠶᠢᠨ ᠦᠪᠡᠷ ᠤᠨ ᠦᠷᠳᠡᠭ ᠢ ᠪᠠᠭᠤᠷᠠᠭᠤᠯᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ | ᠨᠢᠭᠡ ᠺᠢᠯᠣᠮᠧᠲᠷ︾ ᠢ ᠨᠡᠪᠳᠡᠷᠡᠬᠦᠯᠵᠦ ᠣᠯᠠᠭᠠᠢ ᠬᠠᠮᠢᠶᠠᠷᠣᠯᠳᠠ ᠶᠢᠨ ᠣᠷᠣᠨ ᠤ ᠵᠠᠬᠢᠳᠠᠯ ᠰᠣᠷᠪᠣᠯᠵᠢᠯᠠᠭ᠎ᠠ ᠶᠢᠨ | ᠲᠣᠪᠴᠢᠶᠠᠨ ᠤ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠪᠣᠳᠠᠳᠠᠢ ᠲᠠᠢ ᠣᠶᠠᠯᠳᠣᠭᠤᠯᠵᠦ᠂ ᠠᠵᠢᠯ ᠤᠨ | ᠬᠡᠷᠡᠭᠵᠢᠬᠦᠯᠬᠦ ᠲᠦᠰᠦᠯ ᠲᠣᠭᠳᠠᠭᠠᠪᠠ᠃ | ᠬᠤᠶᠠᠷ᠂ ᠠᠵᠢᠯ ᠤᠨ ᠡᠭᠦᠷᠭᠡ | ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠵᠦ᠂ ᠤᠯᠠᠨ | ᠲᠦᠮᠡᠨ ᠤ ︽ᠬᠡᠲᠦᠷᠡᠬᠦ ᠳᠡᠭᠡᠨ ᠨᠢᠭᠡ ᠤᠳᠠᠭ᠎ᠠ ᠶᠠᠪᠤᠬᠤ︾ ᠶᠢ ᠪᠡᠶᠡᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ︽ᠤᠯᠠᠨ ᠲᠦᠮᠡᠨ ᠢ ᠳᠤᠲᠠᠭᠤ ᠭᠦᠶᠦᠯᠭᠡᠬᠦ᠂ ᠺᠠᠳ᠋ᠷ ᠢᠯᠡᠭᠦᠦ ᠭᠦᠶᠦᠬᠦ︾ ᠦᠢᠯᠡᠴᠢᠯᠡᠭᠡᠨ ᠤ | ᠤᠬᠠᠮᠰᠠᠷ ᠢ ᠴᠢᠩᠭᠠᠳᠬᠠᠵᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ | ᠨᠡᠪᠲᠡᠷᠡᠭᠦᠯᠵᠦ᠂ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠵᠤ᠂ ᠡᠴᠦᠰ ᠲᠡᠭᠡᠨ | ᠵᠠᠬᠢᠳᠠᠯ ᠰᠤᠷᠪᠤᠯᠵᠢᠯᠠᠭ᠎ᠠ ᠶᠢᠨ ᠲᠤᠭ᠎ᠠ ᠬᠡᠮᠵᠢᠶ᠎ᠡ ᠶᠢ ᠢᠯᠡᠳᠲᠡ ᠪᠠᠭᠤᠷᠠᠭᠤᠯᠬᠤ᠂ ᠵᠠᠬᠢᠳᠠᠯ ᠰᠤᠷᠪᠤᠯᠵᠢᠯᠠᠭ᠎ᠠ ᠶᠢᠨ | ᠡᠮᠬᠢ ᠵᠢᠷᠤᠮ ᠢ ᠨᠡᠩ ᠵᠢᠷᠤᠮᠵᠢᠯ ᠲᠠᠢ ᠪᠣᠯᠭᠠᠬᠤ ᠶᠢ ᠴᠢᠷᠮᠠᠶᠢᠨ ᠪᠡᠶᠡᠯᠡᠭᠦᠯᠦᠨ᠎ᠡ᠃ | ᠭᠤᠷᠪᠠ᠂ ᠣᠷᠣᠯᠠᠨ ᠭᠦᠢᠴᠡᠳᠬᠡᠬᠦ ᠳᠠᠷᠠᠭᠠᠯᠠᠯ | 1. ᠳᠠᠩᠰᠠᠯᠠᠨ ᠲᠡᠮᠳᠡᠭᠯᠡᠬᠦ ᠶᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ ᠵᠠᠬᠢᠳᠠᠯ ᠰᠤᠷᠪᠤᠯᠵᠢᠯᠠᠯ | ᠬᠢᠭᠰᠡᠳ ᠵᠠᠬᠢᠳᠠᠯ ᠰᠤᠷᠪᠤᠯᠵᠢᠯᠠᠯ ᠤᠨ ᠵᠦᠢᠯᠡᠰ ᠢ ᠣᠷᠣᠯᠠᠨ ᠭᠦᠢᠴᠡᠳᠬᠡᠬᠦ ᠳᠠᠩᠰᠠᠯᠠᠯ ᠤᠨ ᠲᠠᠯ᠎ᠠ ᠪᠠᠷ ᠣᠪᠣᠭ ᠨᠡᠷ᠎ᠡ᠂ | ᠨᠠᠰᠤ ᠵᠢᠯ᠂ ᠪᠡᠶ᠎ᠡ ᠶᠢᠨ ᠦᠨᠡᠮᠯᠡᠯ ᠤᠨ ᠨᠣᠮᠧᠷ᠂ ᠬᠠᠷᠢᠯᠴᠠᠬᠤ ᠠᠷᠭ᠎ᠠ ᠮᠠᠶ᠋ᠢᠭ᠂ ᠰᠠᠭᠤᠭ᠎ᠠ ᠭᠠᠵᠠᠷ᠂ ᠵᠠᠬᠢᠳᠠᠯ | ᠰᠤᠷᠪᠤᠯᠵᠢᠯᠠᠯ ᠤᠨ ᠵᠦᠢᠯᠡᠰ᠂ ᠬᠤᠯᠪᠣᠭᠳᠠᠬᠤ ᠬᠥᠮᠦᠨ ᠤ ᠲᠤᠭ᠎ᠠ ᠵᠡᠷᠭᠡ ᠠᠭᠤᠯᠭ᠎ᠠ ᠶᠢ ᠨᠠᠷᠢᠨ ᠲᠣᠳᠣᠷᠬᠠᠶ ᠲᠠᠭᠯᠠᠨ | ᠪᠢᠴᠢᠨ᠎ᠡ᠃ | 2. ᠬᠡᠯᠡᠯᠴᠡᠭᠡᠷ ᠲᠣᠭᠲᠠᠨ᠎ᠠ᠃ ᠣᠷᠣᠯᠠᠨ ᠭᠦᠢᠴᠡᠳᠭᠡᠭᠴᠢ ᠳᠤ ᠨᠠᠶᠢᠳᠠᠵᠤ ᠠᠰᠠᠭᠤᠳᠠᠯ ᠢ ᠲᠤᠰᠬᠠᠭᠰᠠᠨ | ᠪᠠᠶᠢᠪᠠᠯ᠂ ᠣᠷᠣᠯᠠᠨ ᠭᠦᠢᠴᠡᠳᠭᠡᠭᠴᠢ ᠳᠤ ᠵᠠᠬᠢᠳᠠᠯ ᠰᠤᠷᠪᠤᠯᠵᠢᠯᠠᠭ᠎ᠠ ᠣᠷᠣᠯᠠᠨ ᠭᠥᠢᠴᠡᠳᠬᠡᠬᠦ ᠬᠡᠯᠡᠯᠴᠡᠭᠡᠷ ᠪᠤᠶᠤ | ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠲᠣᠭᠲᠠᠵᠤ᠂ ᠣᠷᠣᠯᠠᠨ ᠭᠦᠢᠴᠡᠳᠭᠡᠭᠴᠢ ᠪᠠ ᠣᠷᠣᠯᠠᠨ | ᠭᠦᠢᠴᠡᠳᠭᠡᠭᠴᠢ ᠶᠢᠨ ᠡᠷᠬᠡ ᠪᠠ ᠡᠭᠦᠷᠭᠡ ᠶᠢ ᠲᠣᠳᠣᠷᠬᠠᠶᠢᠯᠠᠵᠤ᠂ ᠣᠷᠣᠯᠠᠨ ᠭᠦᠢᠴᠡᠳᠭᠡᠭᠴᠢ ᠠᠴᠠ ᠲᠤᠰ ᠱᠠᠲᠤ | ᠪᠤᠶᠤ ᠳᠡᠭᠡᠷ᠎ᠡ ᠨᠢᠭᠡ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠪᠠᠶᠢᠳᠠᠯ ᠢᠶᠠᠨ ᠲᠤᠰᠬᠠᠬᠤ ᠶᠢᠨ | ᠬᠠᠮᠲᠤ ᠬᠠᠪᠰᠤᠷᠤᠨ ᠰᠢᠢᠳᠪᠦᠷᠢᠯᠡᠬᠦ ᠪᠠᠷ ᠪᠣᠯᠵᠣᠨ ᠲᠣᠭᠲᠠᠵᠠᠶ᠃ | 3. ᠬᠡᠷᠡᠭ ᠶᠠᠪᠤᠳᠠᠯ ᠢ ᠣᠷᠣᠯᠠᠨ ᠭᠦᠢᠴᠡᠳᠬᠡᠨ᠎ᠡ᠃ ᠣᠷᠣᠯᠠᠨ ᠭᠦᠢᠴᠡᠳᠬᠡᠬᠦ ᠬᠡᠯᠡᠯᠴᠡᠭᠡᠷ ᠪᠤᠶᠤ ᠨᠠᠶᠢᠳᠠᠯ | ᠬᠦᠴᠦᠨ ᠲᠠᠢ ᠪᠣᠯᠤᠭᠰᠠᠨ ᠤ ᠳᠠᠷᠠᠭ᠎ᠠ᠂ ᠣᠷᠣᠯᠠᠨ ᠭᠦᠢᠴᠡᠳᠬᠡᠬᠦ ᠠᠵᠢᠯᠲᠠᠨ ᠳᠠᠷᠤᠶᠢᠬᠠᠨ ᠵᠣᠬᠢᠰᠲᠠᠶ ᠠᠷᠭ᠎ᠠ | ᠬᠡᠮᠵᠢᠶ᠎ᠡ ᠠᠪᠴᠤ ᠵᠠᠬᠢᠳᠠᠯ ᠰᠤᠷᠪᠤᠯᠵᠢᠯᠠᠯ ᠤᠨ ᠵᠦᠢᠯᠡᠰ ᠢ ᠲᠤᠰᠢᠶᠠᠵᠤ᠂ ᠬᠦᠯᠢᠶᠡᠨ ᠠᠪᠴᠤ ᠰᠢᠢᠳᠪᠦᠷᠢᠯᠡᠬᠦ | ᠨᠢᠭᠡᠴᠡ ᠶᠢ ᠰᠢᠮᠳᠠᠭᠤᠯᠵᠤ ᠪᠠᠶᠢᠭᠠᠳ ᠬᠦᠯᠢᠶᠡᠨ ᠠᠪᠴᠤ ᠰᠢᠢᠳᠪᠦᠷᠢᠯᠡᠭᠦᠯᠬᠦ ᠬᠡᠷᠡᠭᠲᠡᠶ᠃ | 4. ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠲᠤᠰᠬᠠᠨ᠎ᠠ᠃ ᠲᠣᠭᠲᠠᠭᠰᠠᠨ ᠬᠤᠭᠤᠴᠠᠭ᠎ᠠ ᠲᠠᠢ ᠪᠠᠷ | ᠣᠷᠣᠯᠠᠨ ᠭᠦᠢᠴᠡᠳᠬᠡᠭᠴᠢ ᠲᠠᠢ ᠬᠠᠷᠢᠯᠴᠠᠵᠤ ᠨᠡᠪᠲᠡᠷᠡᠯᠴᠡᠵᠦ᠂ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠢᠶᠠᠨ | ᠬᠠᠷᠢᠭᠤ ᠲᠤᠰᠬᠠᠵᠤ᠂ ᠬᠤᠶᠢᠰᠢᠯᠠᠭᠤᠯᠤᠨ ᠭᠦᠢᠴᠡᠳᠬᠡᠵᠦ ᠮᠡᠳᠡᠬᠦ ᠳᠤ ᠬᠦᠷᠪᠡᠯ᠂ ᠲᠠᠶᠢᠯᠪᠤᠷᠢᠯᠠᠯᠲᠠ | ᠲᠣᠳᠣᠷᠬᠠᠶᠢᠯᠠᠯᠲᠠ ᠶᠢ ᠰᠠᠶᠢᠲᠤᠷ ᠬᠢᠬᠦ ᠬᠡᠷᠡᠭᠲᠡᠶ᠃ | 5. ᠰᠢᠢᠳᠪᠦᠷᠢᠯᠡᠵᠦ ᠳᠠᠭᠤᠰᠬᠠᠭᠰᠠᠨ ᠬᠠᠷᠢᠭᠤ ᠰᠤᠷᠪᠤᠯᠵᠢᠯᠠᠭ᠎ᠠ᠃ ︽ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠲᠦᠷᠢᠮ︾ ᠤᠨ ᠲᠣᠭᠲᠠᠭᠠᠭᠰᠠᠨ ᠴᠠᠭ ᠬᠤᠭᠤᠴᠠᠭᠠᠨ ᠤ ᠳᠣᠲᠣᠷ᠎ᠠ ᠵᠠᠬᠢᠳᠠᠯ ᠰᠤᠷᠪᠤᠯᠵᠢᠯᠠᠭ᠎ᠠ ᠶᠢᠨ | ᠵᠦᠢᠯᠡᠰ ᠢ ᠲᠦᠷᠭᠡᠬᠡᠨ ᠰᠢᠢᠳᠪᠦᠷᠢᠯᠡᠵᠦ ᠥᠭᠬᠦ ᠶᠢᠨ ᠬᠠᠮᠲᠤ ᠵᠠᠬᠢᠳᠠᠯ ᠰᠤᠷᠪᠤᠯᠵᠢᠯᠠᠭ᠎ᠠ ᠬᠢᠭᠰᠡᠳ ᠲᠤ ᠵᠠᠬᠢᠳᠠᠯ | ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠬᠠᠷᠢᠭᠤ ᠥᠭᠬᠦ ᠰᠠᠨᠠᠯ ᠤᠨ ᠪᠢᠴᠢᠭ ᠢ ᠭᠠᠷᠭᠠᠵᠤ ᠥᠭᠬᠦ ᠬᠡᠷᠡᠭᠲᠡᠶ᠃ | ᠤᠴᠢᠷ ᠶᠠᠪᠤᠳᠠᠯ ᠢ ᠰᠢᠢᠳᠪᠦᠷᠢᠯᠡᠵᠦ ᠳᠠᠭᠤᠰᠬᠠᠭᠰᠠᠨ ᠤ ᠳᠠᠷᠠᠭ᠎ᠠ᠂ ᠳᠠᠭᠠᠭᠠᠨ ᠭᠦᠢᠴᠡᠳᠭᠡᠬᠦ ᠨᠢᠭᠡᠴᠢ ᠨᠢ ᠵᠠᠬᠢᠳᠠᠯ | ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠵᠦᠢᠯᠡᠰ ᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ ᠢᠶᠠᠨ ᠴᠠᠭ | ᠲᠤᠬᠠᠶ ᠳᠤᠨᠢ ᠣᠷᠣᠯᠠᠨ ᠭᠦᠢᠴᠡᠳᠬᠡᠭᠴᠢ ᠳᠤ ᠮᠡᠳᠡᠭᠳᠡᠬᠦ ᠶᠢᠨ ᠬᠠᠮᠲᠤ ᠴᠠᠭ ᠲᠤᠨᠢ ᠲᠣᠬᠢᠷᠠᠭᠤᠯᠤᠨ ᠬᠠᠷᠢᠭᠤ | ᠰᠤᠷᠪᠤᠯᠵᠢᠯᠠᠵᠤ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠵᠠᠷᠭᠤ ᠬᠢᠬᠦ | ᠰᠤᠷᠪᠤᠯᠵᠢᠯᠠᠬᠤ ᠶᠢ ᠵᠣᠭᠰᠣᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ |