ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ᠂ ᠪᠢᠳᠡ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤᠨᠢ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ | ᠦᠨᠳᠦᠰᠦᠲᠡᠨ ᠤ ᠭᠠᠵᠠᠷ ᠣᠷᠣᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠵᠢᠱᠢᠶᠡᠴᠢ ᠪᠤᠯᠬᠤ ᠬᠡᠷᠡᠭᠲᠡᠢ᠃ ᠣᠷᠣᠨ ᠳᠠᠶᠠᠭᠠᠷ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠱᠠᠭᠠᠷᠳᠠᠭᠰᠠᠨ ︽ᠰᠢᠨ᠎ᠡ ᠵᠠᠮ ᠢ ᠨᠡᠭᠡᠭᠡᠬᠦ︾ ᠪᠠᠶᠢᠯᠳᠤᠬᠤ ᠪᠣᠳᠣᠯᠭ᠎ᠠ ᠶᠢᠨ | ᠬᠠᠷᠠᠯᠲᠠ ᠶᠢ ᠪᠠᠲᠤ ᠡᠵᠡᠮᠳᠡᠵᠦ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠶᠢ ᠨᠠᠶᠢᠳᠠᠪᠤᠷᠢᠵᠢᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ | ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠬᠢᠯᠢ ᠬᠢᠵᠠᠭᠠᠷ ᠤᠨ | ᠠᠮᠤᠷ ᠲᠦᠪᠰᠢᠨ ᠢ ᠬᠠᠮᠠᠭᠠᠯᠠᠬᠤ ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠬᠡᠷᠡᠭᠲᠡᠢ᠃ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠬᠤ ᠪᠣᠯ ᠥᠪᠥᠷ ᠮᠣᠩᠭᠤᠯ ᠤᠨ ᠡᠷᠬᠡᠪᠰᠢ ᠪᠠᠲᠤ ᠴᠡᠭᠡᠵᠢᠯᠡᠬᠦ ᠴᠢᠬᠤᠯᠠᠲᠠᠢ ︽ᠤᠯᠤᠰ ᠤᠨ ᠶᠡᠭᠡ ᠶᠠᠪᠤᠳᠠᠯ︾ | ᠪᠣᠯᠣᠨ᠎ᠠ᠃ ᠪᠢᠳᠡ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠬᠤᠣᠷ ᠬᠥᠨᠥᠭᠡᠯ ᠳᠤ ᠴᠢᠭᠯᠡᠭᠦᠯᠦᠨ | ᠰᠡᠷᠭᠡᠶᠢᠯᠡᠯᠲᠡ ᠶᠢ ᠪᠠᠶᠢᠷᠢᠯᠠᠭᠤᠯᠵᠤ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ︽ᠤᠮᠠᠷᠠᠲᠤ ᠶᠢᠨ | ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ | ᠰᠠᠶᠢᠲᠤᠷ ᠬᠢᠵᠦ᠂ ᠮᠠᠨ ᠤ ᠤᠯᠤᠰ ᠤᠨ ᠴᠦᠯᠯᠡᠷᠭᠡᠭᠵᠢᠯ ᠢ ᠵᠠᠰᠠᠬᠤ ᠭᠤᠣᠯ ᠳᠠᠶᠢᠯᠠᠯᠳᠤᠭᠠᠨ ᠤ ᠲᠠᠯᠠᠪᠤᠷ᠂ ᠡᠯᠡᠰᠦᠨ | ᠰᠢᠭᠤᠷᠭ᠎ᠠ ᠶᠢᠨ ᠭᠤᠣᠯ ᠰᠡᠷᠭᠡᠶᠢᠯᠡᠯᠲᠡ ᠶᠢᠨ ᠱᠤᠭᠤᠮ ᠤᠨ ᠬᠠᠷᠢᠭᠤᠴᠠᠯᠭ᠎ᠠ ᠶᠢ ᠪᠠᠲᠤ ᠡᠭᠦᠷᠭᠡᠯᠡᠬᠦ ᠭᠡᠷᠡᠭᠲᠡᠢ ; | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ | ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠰᠠᠯᠬᠢ | ᠡᠯᠡᠰᠦᠨ ᠤ ᠡᠬᠢ ᠶᠢ ᠵᠠᠰᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠨᠠᠷᠢᠨ ᠨᠢᠮᠪᠠᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠲᠠᠷᠢᠶᠠᠯᠠᠬᠤ ᠶᠢ ᠵᠣᠭᠰᠣᠭᠠᠵᠤ ᠡᠪᠡᠰᠦ ᠮᠣᠳᠣ ᠳᠠᠷᠢᠬᠤ᠂ ᠪᠡᠯᠴᠢᠭᠡᠷᠯᠡᠭᠦᠯᠬᠦ ᠶᠢ ᠵᠣᠭᠰᠣᠭᠠᠵᠤ | ᠪᠡᠯᠴᠢᠭᠡᠷ ᠢ ᠰᠡᠷᠭᠦᠭᠡᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ | ᠪᠡᠯᠴᠢᠭᠡᠷ ᠢ ᠠᠮᠠᠷᠠᠭᠤᠯᠬᠤ ᠠᠵᠢᠯ ᠢ ᠨᠠᠶᠢᠳᠠᠪᠤᠷᠢᠵᠢᠭᠤᠯᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ | ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠬᠢᠯᠢ ᠳᠤ ᠲᠦᠮᠡᠨ ᠭᠠᠵᠠᠷ ᠤᠨ | ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠴᠣᠭᠴᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠴᠣᠭᠴᠠᠯᠠᠨ ᠪᠠᠶᠢᠭᠤᠯᠬᠤ ᠬᠡᠷᠡᠭᠲᠡᠢ | ᠃ | ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ | ᠥᠪᠥᠷ ᠮᠣᠩᠭᠤᠯ ᠤᠨ ᠡᠷᠬᠡᠪᠰᠢ ᠰᠠᠶᠢᠲᠤᠷ ᠭᠦᠢᠴᠡᠳᠬᠡᠬᠦ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ | ᠡᠭᠦᠷᠭᠡ ᠮᠥᠨ᠃ ᠪᠢᠳᠡ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠭᠤᠰᠢᠯᠠᠭᠤᠯᠵᠤ᠂ | ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠨ᠂ ᠬᠤᠷᠢᠭ᠎ᠠ ᠱᠤᠭᠤᠮ ᠤᠨ ᠰᠡᠳᠬᠢᠬᠦᠢ᠂ | ᠲᠦᠭᠰᠢᠭᠦᠷᠢ ᠶᠢᠨ ᠤᠬᠠᠮᠰᠠᠷ ᠪᠠ ᠲᠡᠮᠡᠴᠡᠯ ᠤᠨ ᠵᠣᠷᠢᠭ ᠰᠠᠨᠠᠭ᠎ᠠ ᠶᠢ ᠴᠢᠩᠭᠠᠳᠬᠠᠵᠤ᠂ ᠠᠮᠤᠷ ᠲᠦᠪᠰᠢᠨ | ᠬᠥᠭᠵᠢᠯᠲᠡ ᠶᠢ ᠬᠥᠭᠵᠢᠯᠲᠡ ᠶᠢᠨ ᠡᠯ᠎ᠡ ᠬᠦᠷᠢᠶ᠎ᠡ ᠪᠠ ᠪᠦᠭᠦ ᠶᠠᠪᠤᠴᠠ ᠳᠤ ᠲᠤᠭᠤᠰᠢᠯᠠᠭᠤᠯᠤᠨ᠂ ᠠᠮᠤᠷ ᠲᠦᠪᠰᠢᠨ | ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠭᠡᠷᠡᠭᠲᠡᠢ ; ᠬᠦᠨᠳᠦ ᠶᠡᠭᠡ ᠠᠮᠤᠷ ᠲᠦᠪᠰᠢᠨ ᠤ | ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ | ᠭᠡᠷᠡᠭᠲᠡᠢ ; ᠨᠡᠶᠢᠭᠡᠮ ᠤᠨ ᠠᠮᠤᠷ ᠢ ᠬᠠᠮᠠᠭᠠᠯᠠᠬᠤ ᠶᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ᠠᠵᠤ ᠠᠬᠤᠢ᠂ ᠰᠣᠶᠣᠯ᠂ ᠨᠡᠶᠢᠭᠡᠮ᠂ ᠠᠮᠢ ᠠᠬᠤᠢ ᠵᠡᠷᠭᠡ ᠡᠯ᠎ᠡ ᠬᠦᠷᠢᠶᠡᠨ ᠤ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠭᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠢ ᠨᠠᠩ ᠠᠮᠤᠷ ᠲᠠᠶᠢᠪᠤᠩ ᠠᠵᠤ ᠲᠦᠷᠦᠭᠦᠯᠵᠦ᠂ ᠨᠡᠶᠢᠭᠡᠮ ᠤᠨ ᠶᠡᠭᠡ | ᠲᠠᠯ᠎ᠠ ᠶᠢ ᠨᠠᠩ ᠠᠮᠤᠷ ᠲᠣᠭᠲᠠᠭᠤᠨ ᠡᠮᠬᠢ ᠵᠢᠷᠤᠮ ᠲᠠᠢ ᠪᠤᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠪᠤᠯᠭᠠᠬᠤ ᠬᠡᠷᠡᠭᠲᠡᠢ᠃ | ᠥᠪᠥᠷ ᠮᠣᠩᠭᠤᠯ ᠤᠨ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠤᠯᠤᠰ ᠤᠨ ᠡᠨᠧᠷᠭᠢ ᠶᠢᠨ | ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠲᠦᠢᠯ ᠤᠨ ᠴᠢᠬᠤᠯᠠ ᠪᠠᠶᠢᠷᠢ ᠰᠠᠭᠤᠷᠢ ᠲᠠᠢ ᠶᠤᠮ᠃ ᠪᠢᠳᠡ ᠣᠲᠣ | ᠦᠶ᠎ᠡ ᠶᠢᠨ ᠡᠨᠧᠷᠭᠢ ᠶᠢᠨ ᠠᠵᠤ ᠠᠬᠤᠢ ᠶᠢ ᠬᠥᠭᠵᠢᠭᠦᠯᠬᠦ ᠶᠢ ᠴᠢᠬᠤᠯᠠ ᠠᠴᠠ ᠴᠢᠬᠤᠯᠠ ᠵᠦᠢᠯ ᠪᠤᠯᠭᠠᠬᠤ ᠶᠢ | ᠪᠠᠷᠢᠮᠲᠠᠯᠠᠵᠤ᠂ ᠤᠯᠤᠰ ᠤᠨ ︽ᠠᠭᠤᠷᠬᠠᠢ ᠶᠢᠨ ᠪᠤᠯᠠᠭᠳᠠᠴᠠ ᠶᠢᠨ ᠰᠠᠩ ᠬᠥᠮᠥᠷᠭᠡ︾ ᠶᠢᠨ ᠳᠠᠯᠳᠠ ᠬᠦᠴᠦᠨ ᠢ | ᠭᠦᠢᠴᠡᠳ ᠪᠠᠳᠠᠷᠠᠭᠤᠯᠬᠤ ᠬᠡᠷᠡᠭᠲᠡᠢ᠃ ᠶᠡᠭᠡ ᠲᠠᠯ᠎ᠠ ᠶᠢ ᠡᠷᠬᠢᠮᠯᠡᠵᠦ᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠣᠲᠣ | ᠦᠶ᠎ᠡ ᠶᠢᠨ ᠡᠨᠧᠷᠭᠢ ᠶᠢᠨ ᠠᠵᠤ ᠠᠬᠤᠢ ᠶᠢ ᠬᠥᠭᠵᠢᠭᠦᠯᠬᠦ ᠶᠢ ᠴᠢᠬᠤᠯᠠ ᠠᠴᠠ ᠴᠢᠬᠤᠯᠠ ᠵᠦᠢᠯ ᠪᠤᠯᠭᠠᠵᠤ᠂ ᠰᠢᠨ᠎ᠡ | ᠡᠨᠧᠷᠭᠢ ᠶᠢ ᠶᠡᠭᠡ ᠬᠡᠪᠴᠢᠶ᠎ᠡ ᠪᠠᠷ ᠨᠡᠭᠡᠭᠡᠨ ᠠᠰᠢᠭᠯᠠᠬᠤ ᠶᠢ ᠱᠠᠯᠠᠪᠳᠠᠭᠤᠯᠤᠨ ᠬᠢᠵᠦ ᠲᠦᠷᠭᠡᠨ ᠠᠬᠢᠭᠤᠯᠵᠤ᠂ ᠰᠢᠨ᠎ᠡ | ᠡᠨᠧᠷᠭᠢ ᠶᠢ ᠳᠠᠭᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠨᠡᠭᠦᠷᠡᠰᠦ ᠶᠢ ᠠᠷᠢᠭᠤᠨ | ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ ᠴᠢᠩᠭᠠᠳᠬᠠᠵᠤ᠂ ᠨᠡᠭᠦᠷᠡᠰᠦᠨ ᠤ ᠠᠮᠤᠷ ᠲᠦᠪᠰᠢᠨ ᠬᠠᠩᠭᠠᠯᠭ᠎ᠠ ᠶᠢ | ᠪᠠᠲᠤᠯᠠᠨ᠂ ᠨᠡᠭᠦᠷᠡᠰᠦ ᠪᠠᠷ ᠰᠠᠭᠤᠷᠢ ᠪᠤᠯᠭᠠᠬᠰᠠᠨ ᠰᠢᠨ᠎ᠡ ᠮᠠᠲ᠋ᠧᠷᠢᠶᠠᠯ ᠵᠢᠴᠢ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ︽ᠬᠤᠪᠣᠷ ᠰᠢᠷᠣᠢ +︾ ᠶᠢ ᠬᠠᠮᠵᠢᠯᠴᠠᠭᠤᠯᠤᠨ | ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠡᠷᠴᠢᠮᠲᠡᠢ ᠪᠦᠲᠦᠭᠡᠨ ᠪᠠᠶᠢᠭᠤᠯᠬᠤ ᠬᠡᠷᠡᠭᠲᠡᠢ᠃ | ᠥᠪᠥᠷ ᠮᠣᠩᠭᠤᠯ ᠪᠣᠯ ᠮᠠᠯ ᠠᠵᠤ ᠠᠬᠤᠢ ᠲᠠᠷᠢᠶᠠᠯᠠᠩ ᠤᠨ ᠲᠣᠮᠣ ᠣᠷᠣᠨ ᠮᠥᠨ᠂ ᠣᠷᠳᠣ ᠬᠤᠭᠤᠴᠠᠭᠠᠨ ᠤ | ᠲᠤᠷᠰᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ | ᠪᠢᠳᠡ ︽ᠭᠠᠵᠠᠷ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ︾ ᠶᠢᠨ ᠠᠵᠢᠯ ᠢ ᠦᠷᠭᠦᠯᠵᠢᠯᠡᠨ ᠰᠠᠶᠢᠲᠤᠷ | ᠬᠢᠵᠦ᠂ ᠲᠤᠭ᠎ᠠ ᠬᠡᠮᠵᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠶᠠᠰᠤ ᠴᠢᠨᠠᠷ ᠢ ᠳᠡᠭᠡᠭᠰᠢᠯᠡᠭᠦᠯᠵᠦ᠂ ᠤᠨᠠᠯᠲᠠ ᠶᠢ | ᠨᠡᠮᠡᠭᠳᠡᠭᠦᠯᠦᠨ᠂ ᠤᠯᠤᠰ ᠤᠨ ᠴᠢᠬᠤᠯᠠ ︽ᠠᠮᠤ ᠪᠤᠳᠠᠭᠠᠨ ᠤ ᠬᠥᠮᠥᠷᠭᠡ︾ ᠶᠢ ᠴᠢᠷᠮᠠᠶᠢᠨ ᠪᠠᠶᠢᠭᠤᠯᠬᠤ ᠭᠡᠷᠡᠭᠲᠡᠢ ; | ᠮᠠᠯ ᠠᠵᠤ ᠠᠬᠤᠢ ᠲᠠᠷᠢᠶᠠᠯᠠᠩ ᠤᠨ ᠣᠷᠣᠨ ᠪᠦᠰᠡ ᠶᠢᠨ ᠪᠠᠶᠢᠷᠢᠰᠢᠭᠤᠯᠤᠯᠲᠠ ᠪᠠ ᠦᠢᠯᠡᠳᠪᠦᠷᠢᠯᠡᠯ ᠤᠨ | ᠪᠦᠲᠦᠴᠡ ᠶᠢ ᠯᠠᠪᠳᠠᠭᠤᠨ ᠢᠶᠠᠷ ᠰᠢᠯᠢᠳᠡᠭᠵᠢᠭᠦᠯᠵᠦ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ | ᠬᠦᠴᠦᠲᠡᠢ ᠠᠳᠬᠤᠨ᠂ ᠤᠰᠤ ᠠᠷᠪᠢᠯᠠᠬᠤ ᠲᠠᠷᠢᠶᠠᠯᠠᠩ᠂ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠢ | ᠶᠡᠭᠡ ᠪᠠᠷ ᠬᠥᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠭᠦ | ᠲᠠᠯ᠎ᠠ ᠪᠠᠷ ᠴᠢᠩᠭᠠᠳᠬᠠᠨ᠂ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ | ᠦᠢᠯᠡᠰ ᠤᠨ ᠪᠦᠰᠡ ᠶᠢ ᠴᠣᠭᠴᠠᠯᠠᠵᠤ᠂ ᠨᠠᠩ ᠣᠯᠠᠨ ᠲᠤᠰᠬᠠᠶᠢᠵᠢᠭᠰᠠᠨ᠂ ᠬᠡᠪᠴᠢᠶᠡᠵᠢᠭᠰᠡᠨ ᠠᠵᠤ ᠦᠢᠯᠡᠰ ᠤᠨ | ᠪᠦᠯᠦᠭᠵᠢᠯ ᠢ ᠪᠤᠢ ᠪᠣᠯᠭᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠠ | ᠪᠣᠬᠢᠷᠳᠤᠯ ᠦᠭᠡᠢ ᠣᠷᠭᠠᠨᠢᠭ ᠲᠥᠷᠥᠯ ᠲᠡᠮᠳᠡᠭᠲᠦ ᠶᠢ ᠴᠣᠭᠴᠠᠯᠠᠬᠤ ᠶᠢ ᠰᠠᠶᠢᠲᠤᠷ ᠠᠳᠬᠤᠵᠤ᠂ ᠨᠠᠩ ᠣᠯᠠᠨ ︽ | ᠥᠪᠥᠷ ᠮᠣᠩᠭᠤᠯ ᠨᠡᠷᠡᠮᠵᠢᠲᠦ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠣᠮᠣ ᠵᠠᠬ᠎ᠠ | ᠳᠡᠯᠭᠡᠭᠦᠷ ᠲᠤ ᠣᠷᠣᠭᠤᠯᠤᠨ᠂ ᠰᠠᠶᠢᠨ ᠦᠨ᠎ᠡ ᠬᠠᠩᠰᠢ ᠪᠠᠷ ᠬᠤᠳᠠᠯᠳᠤᠵᠤ᠂ ᠤᠯᠤᠰ ᠤᠨ ᠴᠢᠬᠤᠯᠠ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠲᠤᠭ᠎ᠠ ᠬᠡᠮᠵᠢᠶ᠎ᠡ ᠪᠠᠷ ᠶᠡᠭᠡ ᠴᠢᠨᠠᠷ | ᠰᠠᠶᠢᠲᠠᠢ ᠪᠦᠲᠦᠭᠡᠨ ᠪᠠᠶᠢᠭᠤᠯᠬᠤ ᠬᠡᠷᠡᠭᠲᠡᠢ᠃ | ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠶᠢ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠬᠤ | ᠳᠤᠮᠳᠠ ᠨᠠᠩ ᠶᠡᠭᠡ ᠦᠢᠯᠡᠳᠦᠯ ᠪᠠᠳᠠᠷᠠᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠠᠯᠪᠢᠭᠰᠠᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠣᠯᠣᠨ᠎ᠠ᠃ ᠥᠪᠥᠷ ᠮᠣᠩᠭᠤᠯ ᠳᠣᠲᠣᠭᠠᠳᠤ ᠳᠠᠭᠠᠨ ᠨᠠᠢᠮᠠᠨ | ᠮᠤᠵᠢ ᠣᠷᠣᠨ ᠲᠠᠢ ᠵᠠᠯᠭᠠᠯᠳᠤᠵᠤ᠂ ᠭᠠᠳᠠᠭᠰᠢ ᠪᠠᠨ ᠤᠷᠤᠰ ᠪᠣᠯᠣᠨ ᠮᠣᠩᠭᠤᠯ ᠤᠯᠤᠰ ᠲᠠᠢ ᠬᠥᠷᠰᠢᠯᠡᠵᠦ᠂ ᠣᠷᠣᠨ | ᠪᠠᠶᠢᠷᠢ ᠶᠢᠨ ᠣᠨᠴᠠᠭᠠᠢ ᠳᠠᠪᠠᠭᠤᠯᠢᠭ ᠲᠠᠢ ᠶᠤᠮ᠂ ᠳᠡᠭᠡᠭᠦᠯᠡᠷ ᠭᠠᠳᠠᠭᠠᠳᠤ ᠨᠡᠭᠡᠭᠡᠯᠲᠡ ᠶᠢᠨ ᠠᠵᠢᠯ ᠢ ᠰᠠᠶᠢᠲᠤᠷ ᠬᠢᠪᠡᠯ | ᠥᠪᠥᠷ ᠮᠣᠩᠭᠤᠯ ᠤᠨ ᠬᠥᠭᠵᠢᠯᠲᠡ ᠳᠠᠷᠤᠢ ᠴᠠᠭᠯᠠᠰᠢ ᠦᠭᠡᠢ ᠢᠷᠡᠭᠡᠳᠦᠢ ᠲᠠᠢ ᠪᠣᠯᠣᠨ᠎ᠠ᠃ ᠪᠢᠳᠡ ᠨᠡᠪᠲᠡᠷᠡᠬᠦ ᠵᠠᠮ᠂ | ᠬᠢᠯᠢ ᠶᠢᠨ ᠪᠣᠭᠤᠮᠲᠠ ᠪᠣᠯᠣᠨ ᠲᠠᠪᠴᠠᠩ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠰᠢᠨᠵᠢᠯᠡᠬᠦ | ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠨᠡᠭᠡᠭᠡᠯᠲᠡᠲᠤ ᠲᠠᠪᠴᠠᠩ ᠤᠨ ᠦᠢᠯᠡᠳᠦᠯ | ᠴᠢᠳᠠᠪᠬᠢ ᠶᠢ ᠦᠷᠭᠦᠯᠵᠢᠯᠡᠨ ᠳᠡᠭᠡᠭᠰᠢᠯᠡᠭᠦᠯᠭᠦ ᠭᠡᠷᠡᠭᠲᠡᠢ ; ᠥᠷᠭᠡᠨ ᠬᠡᠪᠴᠢᠶᠡᠨ ᠤ ᠪᠣᠭᠤᠮᠲᠠ ᠶᠢᠨ ᠠᠵᠤ | ᠠᠬᠤᠢ ᠶᠢ ᠶᠡᠭᠡ ᠪᠠᠷ ᠬᠥᠭᠵᠢᠭᠦᠯᠵᠦ᠂ ᠭᠠᠳᠠᠭᠰᠢᠯ ᠭᠡᠯᠪᠡᠷᠢ ᠶᠢᠨ ᠠᠵᠤ ᠦᠢᠯᠡᠰ ᠢ ᠢᠳᠡᠪᠬᠢᠲᠡᠢ ᠪᠠᠷ ᠪᠤᠶᠢᠵᠢᠭᠤᠯᠤᠨ | ᠂ ︽ᠠᠵᠤ ᠠᠬᠤᠢ ᠶᠢᠨ ᠨᠡᠪᠲᠡᠷᠡᠯ ᠵᠠᠮ︾ ᠠᠴᠠ ︽ᠨᠡᠪᠲᠡᠷᠡᠯ ᠵᠠᠮ ᠤᠨ ᠠᠵᠤ ᠠᠬᠤᠢ︾ ᠲᠡᠶᠢᠰᠢ ᠬᠤᠪᠢᠷᠠᠬᠤ ᠶᠢ | ᠠᠬᠢᠭᠤᠯᠵᠤ᠂ ︽ᠳᠦᠷ ᠴᠠᠭ ᠤᠨ ᠠᠵᠤ ᠠᠬᠤᠢ︾ ᠠᠴᠠ ︽ᠰᠠᠭᠤᠷᠢᠰᠢᠯ ᠠᠵᠤ ᠠᠬᠤᠢ︾ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠠᠬᠢᠭᠤᠯᠤᠨ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠨ | ᠰᠡᠬᠦ᠋ᠢᠨ ᠰᠦᠨᠳᠡᠷᠯᠡᠭᠦᠯᠬᠦ ᠬᠡᠷᠡᠭᠲᠡᠢ᠃ | ᠲᠠᠪᠤᠨ ᠶᠡᠭᠡ ᠡᠭᠦᠷᠭᠡ ᠳᠡᠭᠡᠷ᠎ᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠳᠤ᠂ ᠡᠷᠬᠡᠪᠰᠢ ᠠᠵᠤ ᠠᠬᠤᠢ ᠶᠢᠨ | ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠂ ᠡᠨᠡ ᠪᠣᠯ ᠪᠦᠭᠦ ᠲᠠᠯ᠎ᠠ ᠳᠤ | ᠬᠤᠯᠪᠣᠭᠳᠠᠬᠤ ᠰᠢᠰᠲ᠋ᠧᠮᠲᠦ ᠴᠢᠨᠠᠷᠲᠠᠢ ᠭᠦᠨ ᠳᠠᠪᠬᠤᠷᠭ᠎ᠠ ᠶᠢᠨ ᠬᠤᠪᠢᠰᠤᠯᠲᠠ ᠪᠣᠯᠣᠨ᠎ᠠ᠃ ᠪᠢᠳᠡ ᠠᠵᠤ | ᠦᠢᠯᠡᠰ ᠤᠨ ᠪᠦᠲᠦᠴᠡ ᠶᠢ ᠲᠦᠷᠭᠡᠨ ᠰᠢᠯᠢᠳᠡᠭᠵᠢᠭᠦᠯᠵᠦ᠂ ᠡᠨᠧᠷᠭᠢ ᠶᠢᠨ ᠠᠵᠤ ᠦᠢᠯᠡᠰ ᠤᠨ ᠳᠠᠪᠠᠭᠤᠯᠢᠭ᠂ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠳᠠᠪᠠᠭᠤᠯᠢᠭ᠂ ᠮᠠᠯ ᠠᠵᠤ ᠠᠬᠤᠢ ᠲᠠᠷᠢᠶᠠᠯᠠᠩ ᠤᠨ | ᠳᠠᠪᠠᠭᠤᠯᠢᠭ ᠲᠤ ᠰᠠᠭᠤᠷᠢᠯᠠᠨ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠪᠣᠯᠣᠨ ᠲᠡᠷᠢᠭᠦᠨ ᠤ ᠦᠢᠯᠡᠳᠬᠦ ᠦᠢᠯᠡᠰ ᠢ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠪᠣᠯᠣᠨ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠢᠳᠡᠪᠬᠢᠲᠡᠢ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ | ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠠᠵᠤ ᠦᠢᠯᠡᠰ ᠤᠨ ᠰᠢᠰᠲ᠋ᠧᠮ ᠤᠨ ᠳᠡᠭᠡᠳᠦ | ᠲᠦᠪᠰᠢᠨᠴᠢᠯᠡᠭᠰᠡᠨ᠂ ᠣᠶᠤᠨᠴᠢᠯᠠᠭᠰᠠᠨ᠂ ᠪᠣᠬᠢᠷᠳᠤᠯ ᠦᠭᠡᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ | ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ | ᠰᠦᠪᠡᠭᠴᠢᠯᠡᠵᠦ᠂ ᠥᠪᠥᠷ ᠮᠣᠩᠭᠤᠯ ᠤᠨ ᠣᠨᠴᠠᠯᠢᠭᠲᠤ ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ | | |