ᠦᠨᠳᠦᠰᠦᠲᠡᠨ ᠤ ᠭᠠᠵᠠᠷ ᠣᠷᠣᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠵᠢᠱᠢᠶᠡᠴᠢ ᠪᠣᠯᠣᠶ᠎ᠠ
ᠨᠡᠶᠢᠲᠡᠯᠡᠭᠰᠡᠨ ᠴᠠᠭ᠄
2023/11/29
    ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ᠂ ᠪᠢᠳᠡ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤᠨᠢ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠦᠨᠳᠦᠰᠦᠲᠡᠨ ᠤ ᠭᠠᠵᠠᠷ ᠣᠷᠣᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠵᠢᠱᠢᠶᠡᠴᠢ ᠪᠤᠯᠬᠤ ᠬᠡᠷᠡᠭᠲᠡᠢ᠃ ᠣᠷᠣᠨ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠱᠠᠭᠠᠷᠳᠠᠭᠰᠠᠨ ︽ᠰᠢᠨ᠎ᠡ ᠵᠠᠮ ᠢ ᠨᠡᠭᠡᠭᠡᠬᠦ︾ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠠᠲᠤ ᠡᠵᠡᠮᠳᠡᠵᠦ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠬᠡᠷᠡᠭᠲᠡᠢ᠃

   ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ

ᠴᠣᠭᠴᠠᠯᠠᠬᠤ ᠪᠣᠯ ᠥᠪᠥᠷ ᠮᠣᠩᠭᠤᠯ ᠤᠨ ᠡᠷᠬᠡᠪᠰᠢ ᠪᠠᠲᠤ ᠴᠡᠭᠡᠵᠢᠯᠡᠬᠦ ᠴᠢᠬᠤᠯᠠᠲᠠᠢ ︽ᠤᠯᠤᠰ ᠤᠨ ᠶᠡᠭᠡ ᠶᠠᠪᠤᠳᠠᠯ︾

ᠪᠣᠯᠣᠨ᠎ᠠ᠃ ᠪᠢᠳᠡ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠬᠤᠣᠷ ᠬᠥᠨᠥᠭᠡᠯ ᠳᠤ ᠴᠢᠭᠯᠡᠭᠦᠯᠦᠨ

ᠰᠡᠷᠭᠡᠶᠢᠯᠡᠯᠲᠡ ᠶᠢ ᠪᠠᠶᠢᠷᠢᠯᠠᠭᠤᠯᠵᠤ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ︽ᠤᠮᠠᠷᠠᠲᠤ ᠶᠢᠨ

ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ

ᠰᠠᠶᠢᠲᠤᠷ ᠬᠢᠵᠦ᠂ ᠮᠠᠨ ᠤ ᠤᠯᠤᠰ ᠤᠨ ᠴᠦᠯᠯᠡᠷᠭᠡᠭᠵᠢᠯ ᠢ ᠵᠠᠰᠠᠬᠤ ᠭᠤᠣᠯ ᠳᠠᠶᠢᠯᠠᠯᠳᠤᠭᠠᠨ ᠤ ᠲᠠᠯᠠᠪᠤᠷ᠂ ᠡᠯᠡᠰᠦᠨ

ᠰᠢᠭᠤᠷᠭ᠎ᠠ ᠶᠢᠨ ᠭᠤᠣᠯ ᠰᠡᠷᠭᠡᠶᠢᠯᠡᠯᠲᠡ ᠶᠢᠨ ᠱᠤᠭᠤᠮ ᠤᠨ ᠬᠠᠷᠢᠭᠤᠴᠠᠯᠭ᠎ᠠ ᠶᠢ ᠪᠠᠲᠤ ᠡᠭᠦᠷᠭᠡᠯᠡᠬᠦ ᠭᠡᠷᠡᠭᠲᠡᠢ ;

ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ

ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠰᠠᠯᠬᠢ

ᠡᠯᠡᠰᠦᠨ ᠤ ᠡᠬᠢ ᠶᠢ ᠵᠠᠰᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠨᠠᠷᠢᠨ ᠨᠢᠮᠪᠠᠢ ᠵᠣᠬᠢᠶᠠᠨ ᠪᠠᠶᠢᠭᠤᠯᠤᠨ

ᠬᠡᠷᠡᠭᠵᠢᠭᠦᠯᠵᠦ᠂ ᠲᠠᠷᠢᠶᠠᠯᠠᠬᠤ ᠶᠢ ᠵᠣᠭᠰᠣᠭᠠᠵᠤ ᠡᠪᠡᠰᠦ ᠮᠣᠳᠣ ᠳᠠᠷᠢᠬᠤ᠂ ᠪᠡᠯᠴᠢᠭᠡᠷᠯᠡᠭᠦᠯᠬᠦ ᠶᠢ ᠵᠣᠭᠰᠣᠭᠠᠵᠤ

ᠪᠡᠯᠴᠢᠭᠡᠷ ᠢ ᠰᠡᠷᠭᠦᠭᠡᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ

ᠪᠡᠯᠴᠢᠭᠡᠷ ᠢ ᠠᠮᠠᠷᠠᠭᠤᠯᠬᠤ ᠠᠵᠢᠯ ᠢ ᠨᠠᠶᠢᠳᠠᠪᠤᠷᠢᠵᠢᠭᠤᠯᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ

ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠬᠢᠯᠢ ᠳᠤ ᠲᠦᠮᠡᠨ ᠭᠠᠵᠠᠷ ᠤᠨ

ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠴᠣᠭᠴᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ

ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠴᠣᠭᠴᠠᠯᠠᠨ ᠪᠠᠶᠢᠭᠤᠯᠬᠤ ᠬᠡᠷᠡᠭᠲᠡᠢ

   ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ

ᠥᠪᠥᠷ ᠮᠣᠩᠭᠤᠯ ᠤᠨ ᠡᠷᠬᠡᠪᠰᠢ ᠰᠠᠶᠢᠲᠤᠷ ᠭᠦᠢᠴᠡᠳᠬᠡᠬᠦ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ

ᠡᠭᠦᠷᠭᠡ ᠮᠥᠨ᠃ ᠪᠢᠳᠡ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠭᠤᠰᠢᠯᠠᠭᠤᠯᠵᠤ᠂

ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠨ᠂ ᠬᠤᠷᠢᠭ᠎ᠠ ᠱᠤᠭᠤᠮ ᠤᠨ ᠰᠡᠳᠬᠢᠬᠦᠢ᠂

ᠲᠦᠭᠰᠢᠭᠦᠷᠢ ᠶᠢᠨ ᠤᠬᠠᠮᠰᠠᠷ ᠪᠠ ᠲᠡᠮᠡᠴᠡᠯ ᠤᠨ ᠵᠣᠷᠢᠭ ᠰᠠᠨᠠᠭ᠎ᠠ ᠶᠢ ᠴᠢᠩᠭᠠᠳᠬᠠᠵᠤ᠂ ᠠᠮᠤᠷ ᠲᠦᠪᠰᠢᠨ

ᠬᠥᠭᠵᠢᠯᠲᠡ ᠶᠢ ᠬᠥᠭᠵᠢᠯᠲᠡ ᠶᠢᠨ ᠡᠯ᠎ᠡ ᠬᠦᠷᠢᠶ᠎ᠡ ᠪᠠ ᠪᠦᠭᠦ ᠶᠠᠪᠤᠴᠠ ᠳᠤ ᠲᠤᠭᠤᠰᠢᠯᠠᠭᠤᠯᠤᠨ᠂ ᠠᠮᠤᠷ ᠲᠦᠪᠰᠢᠨ

ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠭᠡᠷᠡᠭᠲᠡᠢ ; ᠬᠦᠨᠳᠦ ᠶᠡᠭᠡ ᠠᠮᠤᠷ ᠲᠦᠪᠰᠢᠨ ᠤ

ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ

ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ

ᠭᠡᠷᠡᠭᠲᠡᠢ ; ᠨᠡᠶᠢᠭᠡᠮ ᠤᠨ ᠠᠮᠤᠷ ᠢ ᠬᠠᠮᠠᠭᠠᠯᠠᠬᠤ ᠶᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ

ᠴᠢᠩᠭᠠᠳᠬᠠᠵᠤ᠂ ᠠᠵᠤ ᠠᠬᠤᠢ᠂ ᠰᠣᠶᠣᠯ᠂ ᠨᠡᠶᠢᠭᠡᠮ᠂ ᠠᠮᠢ ᠠᠬᠤᠢ ᠵᠡᠷᠭᠡ ᠡᠯ᠎ᠡ ᠬᠦᠷᠢᠶᠡᠨ ᠤ ᠲᠦᠭᠰᠢᠭᠦᠷᠢ ᠶᠢ

ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠭᠦ ᠣᠷᠣᠨ ᠤ

ᠦᠨᠳᠦᠰᠦᠲᠡᠨ ᠨᠦᠭᠦᠳ ᠤᠨ ᠠᠷᠠᠳ ᠲᠦᠮᠡᠨ ᠢ ᠨᠠᠩ ᠠᠮᠤᠷ ᠲᠠᠶᠢᠪᠤᠩ ᠠᠵᠤ ᠲᠦᠷᠦᠭᠦᠯᠵᠦ᠂ ᠨᠡᠶᠢᠭᠡᠮ ᠤᠨ ᠶᠡᠭᠡ

ᠲᠠᠯ᠎ᠠ ᠶᠢ ᠨᠠᠩ ᠠᠮᠤᠷ ᠲᠣᠭᠲᠠᠭᠤᠨ ᠡᠮᠬᠢ ᠵᠢᠷᠤᠮ ᠲᠠᠢ ᠪᠤᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ

ᠲᠦᠪᠰᠢᠨ ᠲᠣᠭᠲᠠᠭᠤᠨ ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠪᠤᠯᠭᠠᠬᠤ ᠬᠡᠷᠡᠭᠲᠡᠢ᠃

   ᠥᠪᠥᠷ ᠮᠣᠩᠭᠤᠯ ᠤᠨ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠤᠯᠤᠰ ᠤᠨ ᠡᠨᠧᠷᠭᠢ ᠶᠢᠨ

ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠲᠦᠢᠯ ᠤᠨ ᠴᠢᠬᠤᠯᠠ ᠪᠠᠶᠢᠷᠢ ᠰᠠᠭᠤᠷᠢ ᠲᠠᠢ ᠶᠤᠮ᠃ ᠪᠢᠳᠡ ᠣᠲᠣ

ᠦᠶ᠎ᠡ ᠶᠢᠨ ᠡᠨᠧᠷᠭᠢ ᠶᠢᠨ ᠠᠵᠤ ᠠᠬᠤᠢ ᠶᠢ ᠬᠥᠭᠵᠢᠭᠦᠯᠬᠦ ᠶᠢ ᠴᠢᠬᠤᠯᠠ ᠠᠴᠠ ᠴᠢᠬᠤᠯᠠ ᠵᠦᠢᠯ ᠪᠤᠯᠭᠠᠬᠤ ᠶᠢ

ᠪᠠᠷᠢᠮᠲᠠᠯᠠᠵᠤ᠂ ᠤᠯᠤᠰ ᠤᠨ ︽ᠠᠭᠤᠷᠬᠠᠢ ᠶᠢᠨ ᠪᠤᠯᠠᠭᠳᠠᠴᠠ ᠶᠢᠨ ᠰᠠᠩ ᠬᠥᠮᠥᠷᠭᠡ︾ ᠶᠢᠨ ᠳᠠᠯᠳᠠ ᠬᠦᠴᠦᠨ ᠢ

ᠭᠦᠢᠴᠡᠳ ᠪᠠᠳᠠᠷᠠᠭᠤᠯᠬᠤ ᠬᠡᠷᠡᠭᠲᠡᠢ᠃ ᠶᠡᠭᠡ ᠲᠠᠯ᠎ᠠ ᠶᠢ ᠡᠷᠬᠢᠮᠯᠡᠵᠦ᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠣᠲᠣ

ᠦᠶ᠎ᠡ ᠶᠢᠨ ᠡᠨᠧᠷᠭᠢ ᠶᠢᠨ ᠠᠵᠤ ᠠᠬᠤᠢ ᠶᠢ ᠬᠥᠭᠵᠢᠭᠦᠯᠬᠦ ᠶᠢ ᠴᠢᠬᠤᠯᠠ ᠠᠴᠠ ᠴᠢᠬᠤᠯᠠ ᠵᠦᠢᠯ ᠪᠤᠯᠭᠠᠵᠤ᠂ ᠰᠢᠨ᠎ᠡ

ᠡᠨᠧᠷᠭᠢ ᠶᠢ ᠶᠡᠭᠡ ᠬᠡᠪᠴᠢᠶ᠎ᠡ ᠪᠠᠷ ᠨᠡᠭᠡᠭᠡᠨ ᠠᠰᠢᠭᠯᠠᠬᠤ ᠶᠢ ᠱᠠᠯᠠᠪᠳᠠᠭᠤᠯᠤᠨ ᠬᠢᠵᠦ ᠲᠦᠷᠭᠡᠨ ᠠᠬᠢᠭᠤᠯᠵᠤ᠂ ᠰᠢᠨ᠎ᠡ

ᠡᠨᠧᠷᠭᠢ ᠶᠢ ᠳᠠᠭᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠨᠡᠭᠦᠷᠡᠰᠦ ᠶᠢ ᠠᠷᠢᠭᠤᠨ

ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ ᠴᠢᠩᠭᠠᠳᠬᠠᠵᠤ᠂ ᠨᠡᠭᠦᠷᠡᠰᠦᠨ ᠤ ᠠᠮᠤᠷ ᠲᠦᠪᠰᠢᠨ ᠬᠠᠩᠭᠠᠯᠭ᠎ᠠ ᠶᠢ

ᠪᠠᠲᠤᠯᠠᠨ᠂ ᠨᠡᠭᠦᠷᠡᠰᠦ ᠪᠠᠷ ᠰᠠᠭᠤᠷᠢ ᠪᠤᠯᠭᠠᠬᠰᠠᠨ ᠰᠢᠨ᠎ᠡ ᠮᠠᠲ᠋ᠧᠷᠢᠶᠠᠯ ᠵᠢᠴᠢ ᠨᠠᠷᠢᠯᠢᠭ ᠬᠢᠮᠢ ᠶᠢᠨ ᠠᠵᠤ

ᠦᠢᠯᠡᠳᠪᠦᠷᠢ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ︽ᠬᠤᠪᠣᠷ ᠰᠢᠷᠣᠢ +︾ ᠶᠢ ᠬᠠᠮᠵᠢᠯᠴᠠᠭᠤᠯᠤᠨ

ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ

ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠡᠷᠴᠢᠮᠲᠡᠢ ᠪᠦᠲᠦᠭᠡᠨ ᠪᠠᠶᠢᠭᠤᠯᠬᠤ ᠬᠡᠷᠡᠭᠲᠡᠢ᠃

   ᠥᠪᠥᠷ ᠮᠣᠩᠭᠤᠯ ᠪᠣᠯ ᠮᠠᠯ ᠠᠵᠤ ᠠᠬᠤᠢ ᠲᠠᠷᠢᠶᠠᠯᠠᠩ ᠤᠨ ᠲᠣᠮᠣ ᠣᠷᠣᠨ ᠮᠥᠨ᠂ ᠣᠷᠳᠣ ᠬᠤᠭᠤᠴᠠᠭᠠᠨ ᠤ

ᠲᠤᠷᠰᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ᠃

ᠪᠢᠳᠡ ︽ᠭᠠᠵᠠᠷ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ︾ ᠶᠢᠨ ᠠᠵᠢᠯ ᠢ ᠦᠷᠭᠦᠯᠵᠢᠯᠡᠨ ᠰᠠᠶᠢᠲᠤᠷ

ᠬᠢᠵᠦ᠂ ᠲᠤᠭ᠎ᠠ ᠬᠡᠮᠵᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠶᠠᠰᠤ ᠴᠢᠨᠠᠷ ᠢ ᠳᠡᠭᠡᠭᠰᠢᠯᠡᠭᠦᠯᠵᠦ᠂ ᠤᠨᠠᠯᠲᠠ ᠶᠢ

ᠨᠡᠮᠡᠭᠳᠡᠭᠦᠯᠦᠨ᠂ ᠤᠯᠤᠰ ᠤᠨ ᠴᠢᠬᠤᠯᠠ ︽ᠠᠮᠤ ᠪᠤᠳᠠᠭᠠᠨ ᠤ ᠬᠥᠮᠥᠷᠭᠡ︾ ᠶᠢ ᠴᠢᠷᠮᠠᠶᠢᠨ ᠪᠠᠶᠢᠭᠤᠯᠬᠤ ᠭᠡᠷᠡᠭᠲᠡᠢ ;

ᠮᠠᠯ ᠠᠵᠤ ᠠᠬᠤᠢ ᠲᠠᠷᠢᠶᠠᠯᠠᠩ ᠤᠨ ᠣᠷᠣᠨ ᠪᠦᠰᠡ ᠶᠢᠨ ᠪᠠᠶᠢᠷᠢᠰᠢᠭᠤᠯᠤᠯᠲᠠ ᠪᠠ ᠦᠢᠯᠡᠳᠪᠦᠷᠢᠯᠡᠯ ᠤᠨ

ᠪᠦᠲᠦᠴᠡ ᠶᠢ ᠯᠠᠪᠳᠠᠭᠤᠨ ᠢᠶᠠᠷ ᠰᠢᠯᠢᠳᠡᠭᠵᠢᠭᠦᠯᠵᠦ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ

ᠬᠦᠴᠦᠲᠡᠢ ᠠᠳᠬᠤᠨ᠂ ᠤᠰᠤ ᠠᠷᠪᠢᠯᠠᠬᠤ ᠲᠠᠷᠢᠶᠠᠯᠠᠩ᠂ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠢ

ᠶᠡᠭᠡ ᠪᠠᠷ ᠬᠥᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠭᠦ

ᠲᠠᠯ᠎ᠠ ᠪᠠᠷ ᠴᠢᠩᠭᠠᠳᠬᠠᠨ᠂ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ

ᠦᠢᠯᠡᠰ ᠤᠨ ᠪᠦᠰᠡ ᠶᠢ ᠴᠣᠭᠴᠠᠯᠠᠵᠤ᠂ ᠨᠠᠩ ᠣᠯᠠᠨ ᠲᠤᠰᠬᠠᠶᠢᠵᠢᠭᠰᠠᠨ᠂ ᠬᠡᠪᠴᠢᠶᠡᠵᠢᠭᠰᠡᠨ ᠠᠵᠤ ᠦᠢᠯᠡᠰ ᠤᠨ

ᠪᠦᠯᠦᠭᠵᠢᠯ ᠢ ᠪᠤᠢ ᠪᠣᠯᠭᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠠ

ᠪᠣᠬᠢᠷᠳᠤᠯ ᠦᠭᠡᠢ ᠣᠷᠭᠠᠨᠢᠭ ᠲᠥᠷᠥᠯ ᠲᠡᠮᠳᠡᠭᠲᠦ ᠶᠢ ᠴᠣᠭᠴᠠᠯᠠᠬᠤ ᠶᠢ ᠰᠠᠶᠢᠲᠤᠷ ᠠᠳᠬᠤᠵᠤ᠂ ᠨᠠᠩ ᠣᠯᠠᠨ ︽

ᠥᠪᠥᠷ ᠮᠣᠩᠭᠤᠯ ᠨᠡᠷᠡᠮᠵᠢᠲᠦ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠣᠮᠣ ᠵᠠᠬ᠎ᠠ

ᠳᠡᠯᠭᠡᠭᠦᠷ ᠲᠤ ᠣᠷᠣᠭᠤᠯᠤᠨ᠂ ᠰᠠᠶᠢᠨ ᠦᠨ᠎ᠡ ᠬᠠᠩᠰᠢ ᠪᠠᠷ ᠬᠤᠳᠠᠯᠳᠤᠵᠤ᠂ ᠤᠯᠤᠰ ᠤᠨ ᠴᠢᠬᠤᠯᠠ ᠮᠠᠯ ᠤᠨ ᠠᠰᠢᠭ

ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠲᠤᠭ᠎ᠠ ᠬᠡᠮᠵᠢᠶ᠎ᠡ ᠪᠠᠷ ᠶᠡᠭᠡ ᠴᠢᠨᠠᠷ

ᠰᠠᠶᠢᠲᠠᠢ ᠪᠦᠲᠦᠭᠡᠨ ᠪᠠᠶᠢᠭᠤᠯᠬᠤ ᠬᠡᠷᠡᠭᠲᠡᠢ᠃

   ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ

ᠴᠢᠬᠤᠯᠠ ᠪᠠᠬᠢᠯᠡᠯᠲᠡ ᠶᠢ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠬᠤ

ᠳᠤᠮᠳᠠ ᠨᠠᠩ ᠶᠡᠭᠡ ᠦᠢᠯᠡᠳᠦᠯ ᠪᠠᠳᠠᠷᠠᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ

ᠲᠠᠯᠪᠢᠭᠰᠠᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠣᠯᠣᠨ᠎ᠠ᠃ ᠥᠪᠥᠷ ᠮᠣᠩᠭᠤᠯ ᠳᠣᠲᠣᠭᠠᠳᠤ ᠳᠠᠭᠠᠨ ᠨᠠᠢᠮᠠᠨ

ᠮᠤᠵᠢ ᠣᠷᠣᠨ ᠲᠠᠢ ᠵᠠᠯᠭᠠᠯᠳᠤᠵᠤ᠂ ᠭᠠᠳᠠᠭᠰᠢ ᠪᠠᠨ ᠤᠷᠤᠰ ᠪᠣᠯᠣᠨ ᠮᠣᠩᠭᠤᠯ ᠤᠯᠤᠰ ᠲᠠᠢ ᠬᠥᠷᠰᠢᠯᠡᠵᠦ᠂ ᠣᠷᠣᠨ

ᠪᠠᠶᠢᠷᠢ ᠶᠢᠨ ᠣᠨᠴᠠᠭᠠᠢ ᠳᠠᠪᠠᠭᠤᠯᠢᠭ ᠲᠠᠢ ᠶᠤᠮ᠂ ᠳᠡᠭᠡᠭᠦᠯᠡᠷ ᠭᠠᠳᠠᠭᠠᠳᠤ ᠨᠡᠭᠡᠭᠡᠯᠲᠡ ᠶᠢᠨ ᠠᠵᠢᠯ ᠢ ᠰᠠᠶᠢᠲᠤᠷ ᠬᠢᠪᠡᠯ

ᠥᠪᠥᠷ ᠮᠣᠩᠭᠤᠯ ᠤᠨ ᠬᠥᠭᠵᠢᠯᠲᠡ ᠳᠠᠷᠤᠢ ᠴᠠᠭᠯᠠᠰᠢ ᠦᠭᠡᠢ ᠢᠷᠡᠭᠡᠳᠦᠢ ᠲᠠᠢ ᠪᠣᠯᠣᠨ᠎ᠠ᠃ ᠪᠢᠳᠡ ᠨᠡᠪᠲᠡᠷᠡᠬᠦ ᠵᠠᠮ᠂

ᠬᠢᠯᠢ ᠶᠢᠨ ᠪᠣᠭᠤᠮᠲᠠ ᠪᠣᠯᠣᠨ ᠲᠠᠪᠴᠠᠩ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠰᠢᠨᠵᠢᠯᠡᠬᠦ

ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠨᠡᠭᠡᠭᠡᠯᠲᠡᠲᠤ ᠲᠠᠪᠴᠠᠩ ᠤᠨ ᠦᠢᠯᠡᠳᠦᠯ

ᠴᠢᠳᠠᠪᠬᠢ ᠶᠢ ᠦᠷᠭᠦᠯᠵᠢᠯᠡᠨ ᠳᠡᠭᠡᠭᠰᠢᠯᠡᠭᠦᠯᠭᠦ ᠭᠡᠷᠡᠭᠲᠡᠢ ; ᠥᠷᠭᠡᠨ ᠬᠡᠪᠴᠢᠶᠡᠨ ᠤ ᠪᠣᠭᠤᠮᠲᠠ ᠶᠢᠨ ᠠᠵᠤ

ᠠᠬᠤᠢ ᠶᠢ ᠶᠡᠭᠡ ᠪᠠᠷ ᠬᠥᠭᠵᠢᠭᠦᠯᠵᠦ᠂ ᠭᠠᠳᠠᠭᠰᠢᠯ ᠭᠡᠯᠪᠡᠷᠢ ᠶᠢᠨ ᠠᠵᠤ ᠦᠢᠯᠡᠰ ᠢ ᠢᠳᠡᠪᠬᠢᠲᠡᠢ ᠪᠠᠷ ᠪᠤᠶᠢᠵᠢᠭᠤᠯᠤᠨ

᠂ ︽ᠠᠵᠤ ᠠᠬᠤᠢ ᠶᠢᠨ ᠨᠡᠪᠲᠡᠷᠡᠯ ᠵᠠᠮ︾ ᠠᠴᠠ ︽ᠨᠡᠪᠲᠡᠷᠡᠯ ᠵᠠᠮ ᠤᠨ ᠠᠵᠤ ᠠᠬᠤᠢ︾ ᠲᠡᠶᠢᠰᠢ ᠬᠤᠪᠢᠷᠠᠬᠤ ᠶᠢ

ᠠᠬᠢᠭᠤᠯᠵᠤ᠂ ︽ᠳᠦᠷ ᠴᠠᠭ ᠤᠨ ᠠᠵᠤ ᠠᠬᠤᠢ︾ ᠠᠴᠠ ︽ᠰᠠᠭᠤᠷᠢᠰᠢᠯ ᠠᠵᠤ ᠠᠬᠤᠢ︾ ᠲᠡᠶᠢᠰᠢ ᠭᠡᠯᠪᠡᠷᠢ ᠪᠠᠨ

ᠬᠤᠪᠢᠷᠠᠭᠤᠯᠬᠤ ᠶᠢ ᠠᠬᠢᠭᠤᠯᠤᠨ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠨ

ᠰᠡᠬᠦ᠋ᠢᠨ ᠰᠦᠨᠳᠡᠷᠯᠡᠭᠦᠯᠬᠦ ᠬᠡᠷᠡᠭᠲᠡᠢ᠃

    ᠲᠠᠪᠤᠨ ᠶᠡᠭᠡ ᠡᠭᠦᠷᠭᠡ ᠳᠡᠭᠡᠷ᠎ᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠳᠤ᠂ ᠡᠷᠬᠡᠪᠰᠢ ᠠᠵᠤ ᠠᠬᠤᠢ ᠶᠢᠨ

ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ  ᠶᠢ ᠠᠬᠢᠭᠤᠯᠬᠤ ᠬᠡᠷᠡᠭᠲᠡᠢ᠂ ᠡᠨᠡ ᠪᠣᠯ ᠪᠦᠭᠦ ᠲᠠᠯ᠎ᠠ ᠳᠤ

ᠬᠤᠯᠪᠣᠭᠳᠠᠬᠤ ᠰᠢᠰᠲ᠋ᠧᠮᠲᠦ ᠴᠢᠨᠠᠷᠲᠠᠢ ᠭᠦᠨ ᠳᠠᠪᠬᠤᠷᠭ᠎ᠠ ᠶᠢᠨ ᠬᠤᠪᠢᠰᠤᠯᠲᠠ ᠪᠣᠯᠣᠨ᠎ᠠ᠃ ᠪᠢᠳᠡ ᠠᠵᠤ

ᠦᠢᠯᠡᠰ ᠤᠨ ᠪᠦᠲᠦᠴᠡ ᠶᠢ ᠲᠦᠷᠭᠡᠨ ᠰᠢᠯᠢᠳᠡᠭᠵᠢᠭᠦᠯᠵᠦ᠂ ᠡᠨᠧᠷᠭᠢ ᠶᠢᠨ ᠠᠵᠤ ᠦᠢᠯᠡᠰ ᠤᠨ ᠳᠠᠪᠠᠭᠤᠯᠢᠭ᠂

ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠳᠠᠪᠠᠭᠤᠯᠢᠭ᠂ ᠮᠠᠯ ᠠᠵᠤ ᠠᠬᠤᠢ ᠲᠠᠷᠢᠶᠠᠯᠠᠩ ᠤᠨ

ᠳᠠᠪᠠᠭᠤᠯᠢᠭ ᠲᠤ ᠰᠠᠭᠤᠷᠢᠯᠠᠨ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠭᠠᠵᠠᠷ

ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ

ᠦᠢᠯᠡᠰ ᠪᠣᠯᠣᠨ ᠲᠡᠷᠢᠭᠦᠨ ᠤ ᠦᠢᠯᠡᠳᠬᠦ ᠦᠢᠯᠡᠰ ᠢ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠪᠣᠯᠣᠨ

ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠢᠳᠡᠪᠬᠢᠲᠡᠢ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ

ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠠᠵᠤ ᠦᠢᠯᠡᠰ ᠤᠨ ᠰᠢᠰᠲ᠋ᠧᠮ ᠤᠨ ᠳᠡᠭᠡᠳᠦ

ᠲᠦᠪᠰᠢᠨᠴᠢᠯᠡᠭᠰᠡᠨ᠂ ᠣᠶᠤᠨᠴᠢᠯᠠᠭᠰᠠᠨ᠂ ᠪᠣᠬᠢᠷᠳᠤᠯ ᠦᠭᠡᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂

ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ

ᠰᠦᠪᠡᠭᠴᠢᠯᠡᠵᠦ᠂ ᠥᠪᠥᠷ ᠮᠣᠩᠭᠤᠯ ᠤᠨ ᠣᠨᠴᠠᠯᠢᠭᠲᠤ ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ

ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃

 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号