︽ᠰᠠᠨᠠᠯ︾ ᠠᠴᠠ ᠲᠥᠷᠥ ᠶᠢᠨ ᠪᠣᠳᠣᠯᠭ᠎ᠠ ᠬᠠᠶᠢᠵᠤ ︽ᠰᠠᠨᠠᠯ︾ ᠠᠴᠠ ᠲᠥᠷᠥᠯ ᠵᠦᠢᠯ ᠡᠷᠢᠵᠦ ᠥᠪᠥᠷ ᠮᠣᠩᠭᠤᠯ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠪᠣᠳᠠᠲᠠᠢ ᠲᠥᠷᠥᠯ ᠵᠦᠢᠯ ᠪᠤᠯᠭᠠᠬᠤ ᠪᠠᠷ ᠴᠢᠷᠮᠠᠶᠢᠵᠤ ᠪᠤᠶ
ᠨᠡᠶᠢᠲᠡᠯᠡᠭᠰᠡᠨ ᠴᠠᠭ᠄
2023/11/29
    ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ︶ ᠢ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠴᠢᠩᠭ᠎ᠠ ᠠᠳᠬᠤᠨ ᠢᠵᠢ ᠪᠦᠷᠢᠳᠦᠭᠦᠯᠵᠦ᠂ ︽ᠰᠠᠨᠠᠯ︾ ᠠᠴᠠ ᠲᠦᠷᠦ ᠶᠢᠨ ᠪᠣᠳᠣᠯᠭ᠎ᠠ ᠬᠠᠶᠢᠵᠤ᠂ ︽ᠰᠠᠨᠠᠯ︾ ᠠᠴᠠ ᠲᠦᠷᠦᠯ ᠵᠦᠢᠯ ᠡᠷᠢᠵᠦ᠂ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠪᠣᠳᠠᠲᠠᠢ ᠲᠦᠷᠦᠯ ᠵᠦᠢᠯ ᠪᠤᠯᠭᠠᠬᠤ ᠪᠠᠷ ᠴᠢᠷᠮᠠᠶᠢᠪᠠ᠃

   ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠶᠠᠭ

ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ︽ᠰᠠᠨᠠᠯ︾ ᠢ ᠴᠢᠨᠠᠭᠰᠢᠳᠠ

ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠭᠦᠢᠴᠡᠳ ᠵᠣᠬᠢᠴᠠᠭᠤᠯᠤᠨ ᠨᠡᠪᠲᠡᠷᠡᠯᠴᠡᠬᠦ ᠪᠠᠷ ᠳᠡᠮᠵᠢᠨ᠂ ᠤᠯᠤᠰ ᠤᠨ

ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠲᠥᠪ ᠤᠨ ᠣᠷᠣᠨ ᠪᠦᠰᠡ ᠶᠢᠨ ᠵᠣᠬᠢᠴᠠᠩᠭᠤᠢ

ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠵᠣᠬᠢᠴᠠᠭᠤᠯᠤᠨ ᠦᠢᠯᠡᠴᠢᠯᠡᠬᠦ᠂

ᠱᠠᠯᠠᠪᠳᠠᠭᠤᠯᠤᠨ ᠨᠠᠶᠢᠳᠠᠪᠤᠷᠢᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ

ᠭᠤᠣᠯᠳᠠᠯᠭ᠎ᠠ ᠲᠠᠢ ᠡᠭᠦᠷᠭᠡ ᠶᠢᠨ ᠠᠬᠢᠴᠠ ᠶᠢ ᠴᠠᠭ ᠲᠤᠬᠠᠢ ᠳᠤᠨᠢ ᠮᠥᠷᠳᠡᠨ ᠲᠣᠬᠢᠷᠠᠭᠤᠯᠵᠤ᠂ ᠲᠥᠷᠥ ᠶᠢᠨ

ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠳᠡᠮᠵᠢᠯᠭᠡ ᠶᠢᠨ ᠲᠥᠷᠥ ᠶᠢᠨ

ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠨᠡᠶᠢᠲᠡᠯᠡᠬᠦ ᠪᠣᠯᠣᠨ᠎ᠠ᠃ ᠡᠭᠦᠨ ᠤ ᠬᠠᠮᠲᠤ᠂ ᠥᠪᠡᠷᠲᠡᠭᠡᠨ

ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠤᠯᠤᠰ ᠤᠨ ᠬᠥᠭᠵᠢᠭᠦᠯᠦᠯᠲᠡ ᠪᠠ

ᠥᠭᠡᠷᠡᠴᠢᠯᠡᠯᠲᠡ ᠶᠢᠨ ᠵᠥᠪᠯᠡᠯ ᠳᠤ ᠬᠠᠮᠢᠶ᠎ᠠ ᠪᠦᠬᠦᠢ ᠶᠠᠮᠤᠨ ᠵᠥᠪᠯᠡᠯ ᠲᠠᠢ ᠬᠠᠮᠲᠤᠷᠠᠨ ᠣᠶᠢᠷ᠎ᠠ ᠳᠤ ︽ᠰᠠᠨᠠᠯ︾ ᠳᠤ

ᠢᠵᠢ ᠪᠦᠷᠢᠳᠦᠭᠦᠯᠦᠭᠰᠡᠨ ︽ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ︾ ᠪᠠ ︽ᠴᠢᠬᠤᠯᠠ ᠶᠡᠭᠡ ᠲᠥᠷᠥᠯ

ᠵᠦᠢᠯ ᠤᠨ ᠨᠠᠷᠢᠨ ᠳᠠᠩᠰᠠ︾ ᠶᠢ ᠨᠡᠶᠢᠲᠡᠯᠡᠵᠦ᠂ ︽ᠰᠠᠨᠠᠯ︾ ᠢ ᠨᠠᠶᠢᠳᠠᠪᠤᠷᠢᠵᠢᠭᠤᠯᠬᠤ ᠳᠤ ᠬᠦᠴᠦᠲᠡᠢ

ᠲᠤᠯᠭᠠᠭᠤᠷᠢᠯᠠᠯ ᠬᠠᠩᠭᠠᠯᠭᠠᠬᠤ ᠪᠠᠷ ᠳᠡᠪᠰᠢᠭᠦᠯᠪᠡ᠃

   ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠤᠯᠤᠰ ᠤᠨ ᠭᠠᠵᠠᠷ ᠰᠢᠷᠣᠢ ᠡᠬᠢ

ᠪᠠᠶᠠᠯᠢᠭ ᠤᠨ ᠨᠡᠭᠡᠭᠡᠨ ᠬᠥᠭᠵᠢᠭᠦᠯᠦᠯᠲᠡ ᠬᠢᠭᠡᠳ ᠭᠠᠵᠠᠷ ᠣᠷᠣᠨ ᠤ ᠠᠵᠤ ᠠᠬᠤᠢ ᠶᠢᠨ ᠰᠤᠳᠤᠯᠭᠠᠨ ᠤ ᠭᠠᠵᠠᠷ ᠤᠨ

ᠬᠤᠯᠪᠣᠭᠳᠠᠯ ᠪᠦᠬᠦᠢ ᠬᠠᠷᠢᠭᠤᠴᠠᠯᠭᠠᠲᠠᠨ᠂ ︽1 + N + X︾ ᠤᠨ ᠠᠬᠢᠭᠤᠯᠬᠤ ᠰᠡᠳᠬᠢᠮᠵᠢ ᠶᠣᠰᠣᠭᠠᠷ᠂

ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ︽ᠰᠠᠨᠠᠯ︾ ᠤᠨ ᠲᠦᠷᠦᠭᠦᠯᠡᠨ ᠲᠤᠭᠤᠷᠪᠢᠵᠤ

ᠨᠠᠶᠢᠷᠠᠭᠤᠯᠤᠨ ᠵᠣᠬᠢᠶᠠᠬᠤ ᠨᠢᠭᠡᠴᠢ ᠪᠣᠯᠤᠭᠰᠠᠨ ᠤ ᠬᠤᠪᠢ ᠳᠤ ᠵᠠᠷᠢᠮ ᠴᠢᠬᠤᠯᠠ ᠶᠡᠭᠡ ᠢᠨᠵᠧᠨᠧᠷᠢᠩ ᠤᠨ ᠲᠥᠷᠥᠯ

ᠵᠦᠢᠯ ᠢ ᠪᠠᠭᠲᠠᠭᠠᠭᠰᠠᠨ ᠵᠣᠬᠢᠴᠠᠩᠭᠤᠢ ᠭᠤᠣᠯᠳᠠᠯᠭ᠎ᠠ ᠲᠠᠢ ᠡᠭᠦᠷᠭᠡ ᠶᠢ ᠨᠠᠩ ᠨᠠᠷᠢᠯᠢᠭ ᠠᠷᠭ᠎ᠠ ᠬᠡᠮᠵᠢᠶ᠎ᠡ ᠪᠠᠷ

ᠲᠣᠳᠣᠷᠬᠠᠢ ᠲᠣᠭᠲᠠᠭᠠᠵᠤ ᠨᠠᠶᠢᠳᠠᠪᠤᠷᠢᠵᠢᠭᠤᠯᠤᠨ᠎ᠠ ᠭᠡᠵᠦ ᠲᠠᠨᠢᠯᠴᠠᠭᠤᠯᠪᠠ᠃

    ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ

ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ  ᠠᠴᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ

ᠵᠥᠪᠯᠡᠯ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ ᠲᠤᠰᠬᠠᠢ ᠰᠡᠳᠦᠪᠲᠦ ᠬᠠᠷᠢᠭᠤ

ᠮᠡᠳᠡᠭᠦᠯᠦᠯᠲᠡ ᠬᠢᠵᠦ᠂ ᠤᠯᠤᠰ ᠤᠨ ᠳᠡᠮᠵᠢᠯᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠡᠷᠡᠮᠡᠯᠵᠡᠯᠡᠨ ᠣᠯᠪᠠ᠃

ᠢᠳᠡᠪᠬᠢᠲᠡᠢ ᠡᠷᠡᠮᠡᠯᠵᠡᠯᠡᠬᠦ ᠪᠠᠷ ᠳᠡᠮᠵᠢᠨ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠢ

ᠡᠭᠦᠳᠦᠨ ᠪᠠᠶᠢᠭᠤᠯᠵᠤ᠂ ᠪᠦᠭᠦ ᠤᠯᠤᠰ ᠤᠨ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ

ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠬᠠᠮᠵᠢᠯᠴᠠᠨ ᠠᠬᠢᠭᠤᠯᠬᠤ ᠵᠡᠷᠭᠡ ᠠᠭᠤᠯᠭ᠎ᠠ ᠶᠢ ᠨᠢᠭᠡᠨᠲᠡ ᠳᠡᠮᠵᠢᠯᠭᠡ ᠶᠢᠨ

ᠪᠢᠴᠢᠭ ᠮᠠᠲ᠋ᠧᠷᠢᠶᠠᠯ ᠳᠤ ᠣᠷᠣᠭᠤᠯᠪᠠ᠃ ᠡᠭᠦᠨ ᠤ ᠬᠠᠮᠲᠤ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ 7

ᠬᠦᠷᠢᠶ᠎ᠡ ᠴᠠᠷᠠᠭ᠎ᠠ ᠶᠢᠨ ᠲᠣᠭᠤᠷᠢᠨ ᠳᠤ 97 ᠵᠦᠢᠯ ᠤᠨ ᠴᠢᠬᠤᠯᠠ ᠶᠡᠭᠡ ᠢᠨᠵᠧᠨᠧᠷᠢᠩ ᠢ ᠳᠤᠷᠠᠳᠤᠨ ᠭᠠᠷᠭᠠᠪᠠ ;

ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠪᠠᠶᠢᠭᠤᠯᠤᠮᠵᠢ

ᠲᠣᠭᠲᠠᠴᠠ ᠶᠢᠨ ᠰᠢᠨ᠎ᠡ ᠶᠢ ᠡᠭᠦᠳᠬᠦ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ

ᠵᠡᠷᠭᠡ ᠬᠦᠷᠢᠶᠡᠨ ᠤ ᠲᠣᠭᠤᠷᠢᠨ ᠳᠤ 79 ᠴᠢᠬᠤᠯᠠ ᠶᠡᠭᠡ ᠵᠦᠢᠯᠡᠰ ᠢ ᠳᠤᠷᠠᠳᠪᠠ ; ᠨᠤᠲᠤᠭ ᠪᠡᠯᠴᠢᠭᠡᠷ ᠣᠶ

ᠰᠢᠭᠤᠢ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠬᠤ᠂ ᠠᠭᠤᠷᠬᠠᠢ ᠶᠢᠨ ᠭᠠᠷᠤᠯᠲᠠ ᠶᠢᠨ ᠡᠬᠢ

ᠪᠠᠶᠠᠯᠢᠭ ᠢ ᠡᠮᠬᠢ ᠵᠢᠷᠤᠮ ᠲᠠᠢ ᠪᠠᠷ ᠨᠡᠭᠡᠭᠡᠨ ᠠᠰᠢᠭᠯᠠᠬᠤ ᠶᠢ ᠠᠬᠢᠭᠤᠯᠬᠤ ᠵᠡᠷᠭᠡ ᠬᠦᠷᠢᠶᠡᠨ ᠤ ᠲᠣᠭᠤᠷᠢᠨ ᠳᠤ 34

ᠵᠦᠢᠯ ᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠪᠠ᠃

    ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ

ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠭᠢᠯᠡᠭᠴᠢ ᠵᠠᠩ ᠶᠦᠩ ᠵᠢᠶᠦ᠋ᠨ᠄ ︽ᠴᠢᠬᠤᠯᠠ ᠶᠡᠭᠡ

ᠲᠥᠷᠥᠯ ᠵᠦᠢᠯ ᠤᠨ 3 ᠵᠢᠯ ᠤᠨ ᠪᠡᠯᠡ ᠣᠷᠣᠭᠤᠯᠤᠯᠲᠠ ᠲᠦᠮᠡᠨ ᠳ᠋ᠦᠩᠰᠢᠭᠤᠷ ᠰᠢᠬᠠᠮ ᠲᠥᠭᠦᠷᠢᠭ ᠲᠤ ᠬᠦᠷᠴᠡᠢ᠃

ᠲᠥᠷᠥᠯ ᠵᠦᠢᠯ ᠤᠨ ᠲᠣᠰ ᠪᠡᠶ᠎ᠡ ᠨᠢ ᠳᠠᠷᠤᠢ ᠨᠢᠭᠡᠨ ᠦᠨᠡᠨ ᠪᠣᠳᠠᠲᠠᠢ ᠭᠠᠷᠳᠠᠴᠠ ᠮᠥᠨ᠂ ︽ᠰᠠᠨᠠᠯ︾ ᠠᠴᠠ

ᠲᠥᠷᠥ ᠶᠢᠨ ᠪᠣᠳᠣᠯᠭ᠎ᠠ ᠬᠠᠶᠢᠵᠤ᠂ ︽ᠰᠠᠨᠠᠯ︾  ᠠᠴᠠ ᠲᠥᠷᠥᠯ ᠵᠦᠢᠯ ᠡᠷᠢᠵᠦ᠂ ᠪᠢᠳᠡ ᠲᠥᠷᠥᠯ ᠵᠦᠢᠯ ᠢ

ᠠᠳᠬᠤᠪᠠᠯ᠂ ᠳᠠᠷᠤᠢ ᠦᠨᠳᠦᠰᠦᠨ ᠳᠡᠭᠡᠨ ︽ᠰᠠᠨᠠᠯ︾ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠥᠪᠥᠷ

ᠮᠣᠩᠭᠤᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠶᠡᠭᠡ ᠲᠤᠯᠭᠠᠭᠤᠷᠢᠯᠠᠯ

ᠪᠣᠯᠵᠤ ᠪᠣᠯᠣᠨ᠎ᠠ︾ ᠭᠡᠪᠡ᠃

   ︽ᠲᠠᠷᠠᠭᠠᠴᠢ ᠶᠢᠨ ᠠᠯᠬᠤᠮ ᠳᠤ᠂ ᠮᠠᠨ ᠤ ᠡᠯ᠎ᠡ ᠲᠠᠯ᠎ᠠ ᠶᠢᠨ ᠬᠢᠨ ︿ᠰᠠᠨᠠᠯ﹀ ᠤᠨ ᠬᠠᠷᠠᠭᠠᠯᠵᠠᠭᠰᠠᠨ ᠠᠵᠢᠯ ᠤᠨ

ᠭᠤᠣᠯᠳᠠᠯᠭ᠎ᠠ ᠲᠠᠢ ᠡᠭᠦᠷᠭᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠢᠳᠡᠪᠬᠢᠲᠡᠢ

ᠠᠷᠭ᠎ᠠ ᠬᠡᠮᠵᠢᠶ᠎ᠡ ᠠᠪᠴᠤ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ ᠪᠠᠶᠢᠭᠠᠳ ᠬᠠᠷᠠᠭᠠᠯᠵᠠᠭᠰᠠᠨ ᠡᠯ᠎ᠡ

ᠵᠦᠢᠯ ᠤᠨ ᠠᠷᠭ᠎ᠠ ᠬᠡᠮᠵᠢᠶ᠎ᠡ ᠡᠭᠦᠷᠭᠡ ᠶᠢ ᠪᠡᠶᠡᠯᠡᠭᠦᠯᠬᠦ ᠶᠢ ᠠᠬᠢᠭᠤᠯᠵᠤ᠂ ᠡᠴᠦᠰ ᠲᠡᠭᠡᠨ ᠬᠠᠷᠠᠭᠠᠯᠵᠠᠭᠰᠠᠨ

ᠬᠠᠷᠠᠯᠲᠠ ᠶᠢ ᠪᠡᠶᠡᠯᠡᠭᠦᠯᠦᠨ᠎ᠡ︾ ᠭᠡᠵᠦ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ

ᠤᠯᠤᠰ ᠤᠨ ᠭᠠᠵᠠᠷ ᠰᠢᠷᠣᠢ ᠶᠢ ᠨᠡᠭᠡᠭᠡᠨ ᠬᠥᠭᠵᠢᠭᠦᠯᠬᠦ ᠬᠢᠭᠡᠳ ᠭᠠᠵᠠᠷ ᠣᠷᠣᠨ ᠤ ᠠᠵᠤ ᠠᠬᠤᠢ ᠶᠢᠨ

ᠰᠤᠳᠤᠯᠭᠠᠨ ᠤ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ᠃

 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号