ᠪᠦᠭᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠨ ᠬᠥᠬᠢᠭᠦᠯᠬᠦ ᠶᠡᠭᠡ ᠬᠤᠷᠠᠯ ᠭᠦᠭᠡᠬᠤᠲᠠ ᠳᠤ ᠬᠤᠷᠠᠯᠳᠤᠪᠠ ᠰᠦᠨ ᠱᠤᠤ ᠴᠧᠩ ᠣᠷᠣᠯᠴᠠᠵᠤ ᠸᠠᠩ ᠯᠢ ᠰᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/12/10

  12 ᠰᠠᠷ᠎ᠠ ᠶᠢᠨ 4᠎ ᠤ ᠡᠳᠦᠷ᠂ ᠪᠦᠭᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠨ

ᠬᠥᠬᠢᠭᠦᠯᠬᠦ ᠶᠡᠭᠡ ᠬᠤᠷᠠᠯ ᠭᠦᠭᠡᠬᠤᠲᠠ ᠳᠤ ᠬᠤᠷᠠᠯᠳᠤᠵᠤ᠂ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠦᠢᠯᠡᠰ ᠤᠨ ᠬᠥᠭᠵᠢᠯᠲᠡ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠠᠵᠢᠯᠲᠠᠳ ᠢ ᠱᠠᠩᠨᠠᠨ ᠬᠥᠬᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠠᠷᠢᠶ᠎ᠠ ᠲᠠᠯᠪᠢᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠶᠠᠩ ᠸᠧᠢ ᠳ᠋ᠦᠩ ᠬᠤᠷᠠᠯ ᠢ ᠡᠷᠭᠢᠯᠡᠪᠡ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ

ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ᠃

    12 ᠰᠠᠷ᠎ᠠ ᠶᠢᠨ 4᠎ ᠤ ᠡᠳᠦᠷ᠂ ᠪᠦᠭᠦ ᠣᠷᠣᠨ ᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠱᠠᠩᠨᠠᠨ

ᠬᠥᠬᠢᠭᠦᠯᠬᠦ ᠶᠡᠭᠡ ᠬᠤᠷᠠᠯ ᠭᠦᠭᠡᠬᠤᠲᠠ ᠳᠤ ᠬᠤᠷᠠᠯᠳᠤᠵᠤ᠂ ᠬᠤᠷᠠᠯ ᠠᠴᠠ ᠪᠠᠶᠢᠭᠠᠯᠢ ᠶᠢᠨ ᠰᠢᠨᠵᠢᠯᠡᠬᠦ ᠤᠬᠠᠭᠠᠨ ᠤ

ᠱᠠᠩᠨᠠᠯ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠳᠠᠪᠰᠢᠯᠲᠠ ᠶᠢᠨ

ᠱᠠᠩᠨᠠᠯ᠂ ᠵᠠᠯᠠᠭᠤᠴᠤᠳ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠱᠠᠩᠨᠠᠯ᠂

ᠣᠯᠠᠨ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠤᠨ ᠱᠠᠩᠨᠠᠯ

ᠭᠥᠷᠳᠡᠭᠰᠡᠨ ᠲᠥᠯᠥᠭᠡᠯᠡᠭᠴᠢᠳ ᠲᠤ ᠱᠠᠩᠨᠠᠯ ᠭᠠᠷᠳᠠᠭᠤᠯᠪᠠ᠃ ᠰᠤᠷᠪᠤᠯᠵᠢᠯᠠᠬᠴᠢ ᠸᠠᠩ ᠰᠢᠶᠣᠣ ᠪᠦᠸᠧ

ᠰᠡᠭᠦᠳᠡᠷᠯᠡᠪᠡ

   ᠬᠤᠷᠠᠯ ᠳᠡᠭᠡᠷ᠎ᠡ᠂ 2022 ᠣᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠦ᠋ᠭᠨᠢᠭ

ᠮᠡᠷᠭᠡᠵᠢᠯ ᠤᠨ ᠱᠠᠩᠨᠠᠨ ᠬᠥᠬᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ

ᠲᠣᠭᠲᠠᠭᠠᠯ ᠢ ᠤᠩᠰᠢᠨ ᠨᠡᠶᠢᠲᠡᠯᠡᠪᠡ᠃ ᠰᠦᠨ ᠱᠤᠤ ᠴᠧᠩ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ

ᠣᠨᠴᠠᠭᠠᠢ ᠬᠤᠪᠢ ᠨᠡᠮᠡᠷᠢ ᠶᠢᠨ ᠱᠠᠩᠨᠠᠯ ᠭᠦᠷᠳᠡᠭᠴᠢ ᠰᠦᠨ ᠳ᠋ᠧ ᠵᠢᠶᠦ᠋ᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ

ᠣᠨᠴᠠ ᠳᠡᠰ ᠤᠨ ᠱᠠᠩᠨᠠᠯ ᠢ ᠪᠡᠶᠡᠯᠡᠭᠦᠯᠦᠭᠰᠡᠨ ᠨᠢᠭᠡᠳᠦᠭᠡᠷ ᠬᠥᠮᠥᠨ ᠳ᠋ᠦᠩ ᠠᠯᠳᠠᠷᠲᠤ᠂ ᠰᠢᠨᠵᠢᠯᠡᠬᠦ ᠤᠬᠠᠭᠠᠨ

ᠲᠦ᠋ᠭᠨᠢᠭ ᠮᠡᠷᠭᠡᠵᠢᠯ ᠤᠨ ᠲᠠᠪᠰᠢᠯᠳᠠ ᠶᠢᠨ ᠣᠨᠴᠠ ᠳᠡᠰ ᠤᠨ ᠱᠠᠩᠨᠠᠯ ᠢ ᠨᠢᠭᠡᠳᠦᠭᠡᠷ ᠪᠡᠶᠡᠯᠡᠭᠦᠯᠦᠭᠰᠡᠨ ᠬᠥᠮᠥᠨ ᠯᠦ

ᠵᠠᠨ ᠶᠤᠸᠠᠨ ᠳᠤ ᠱᠠᠩᠨᠠᠯ ᠭᠠᠷᠳᠠᠭᠤᠯᠪᠠ᠃ ᠬᠤᠷᠠᠯ ᠠᠴᠠ ᠪᠠᠰᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂

ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ᠂

ᠵᠠᠯᠠᠭᠤᠴᠤᠳ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠱᠠᠩᠨᠠᠯ᠂ ᠣᠯᠠᠨ

ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠵᠡᠷᠭᠡ ᠶᠢᠨ ᠱᠠᠩᠨᠠᠯ

ᠬᠦᠷᠲᠡᠭᠰᠡᠳ ᠤᠨ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃

   ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ

ᠡᠮᠦᠨ᠎ᠡ ᠠᠴᠠ ᠱᠠᠩᠨᠠᠯ ᠭᠥᠷᠳᠡᠭᠰᠡᠨ ᠪᠦᠭᠦ ᠬᠥᠮᠥᠰ ᠲᠤ ᠬᠠᠯᠠᠭᠤᠨ ᠪᠠᠶᠠᠷ ᠬᠦᠷᠭᠡᠵᠦ᠂ ᠪᠦᠭᠦ ᠣᠷᠣᠨ ᠤ ᠥᠷᠭᠡᠨ

ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃

ᠲᠡᠷᠡ᠂ ᠣᠳᠣᠬᠠᠨ ᠳᠤ᠂ ᠪᠦᠭᠦ ᠣᠷᠣᠨ ᠳᠠᠶᠠᠭᠠᠷ ᠢᠶᠠᠨ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ

ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠦᠷᠦ ᠶᠢᠨ

ᠶᠠᠪᠤᠳᠠᠯ ᠤᠨ ᠬᠤᠷᠢᠶ᠎ᠠ ᠶᠢᠨ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠢ ᠲᠦᠷᠭᠡᠨ

ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠨ᠎ᠡ

ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ︾ ᠬᠠᠷᠠᠯᠲᠠ ᠲᠡᠶᠢᠰᠢ ᠲᠦᠷᠭᠡᠨ ᠤᠷᠤᠭᠰᠢᠯᠠᠵᠤ᠂ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ ᠰᠢᠨ᠎ᠡ ᠬᠥᠳᠡᠯᠭᠡᠬᠦ ᠴᠢᠳᠠᠪᠤᠷᠢ ᠶᠢ ᠪᠤᠢ

ᠪᠤᠯᠭᠠᠵᠥ᠂ ᠰᠢᠨ᠎ᠡ ᠳᠠᠪᠠᠭᠤᠯᠢᠭ ᠢ ᠴᠣᠭᠴᠠᠯᠠᠬᠤ ᠶᠢ ᠲᠤᠯᠭᠠᠮ ᠱᠠᠭᠠᠷᠳᠠᠵᠤ ᠪᠠᠶᠢᠨ᠎ᠠ᠃ ︽ᠬᠡᠳᠦᠢ ᠬᠥᠭᠵᠢᠭᠡᠳᠦᠢ

ᠪᠣᠯ ᠲᠡᠳᠦᠢ ᠵᠣᠷᠢᠭᠲᠠᠢ ᠪᠠᠷ ᠰᠢᠨ᠎ᠡ ᠶᠢ ᠡᠭᠦᠳᠴᠦ᠂ ᠪᠢ ᠪᠤᠰᠤᠳ ᠢ ᠬᠦᠷᠬᠦ ᠦᠭᠡᠢ ᠭᠡᠰᠡᠨ ᠦᠵᠡᠯᠲᠡ ᠪᠠᠨ

ᠴᠢᠨᠠᠭᠰᠢᠳᠠ ᠲᠠᠶᠠᠭᠳᠠᠬᠤ ᠬᠡᠷᠡᠭᠲᠡᠢ︾ ᠭᠡᠬᠦ ᠣᠶᠢᠯᠠᠭᠠᠭᠳᠠᠬᠤᠨ ᠢ ᠪᠠᠲᠤ ᠪᠤᠢ ᠪᠤᠯᠭᠠᠵᠤ᠂ ᠵᠣᠷᠢᠭᠲᠠᠢ ᠪᠠᠷ ᠬᠠᠲᠠᠭᠤ

ᠠᠷᠭ᠎ᠠ ᠬᠡᠮᠵᠢᠶ᠎ᠡ ᠠᠪᠴᠤ᠂ ᠪᠡᠯᠡ ᠬᠥᠷᠥᠩᠭᠡ ᠣᠷᠣᠭᠤᠯᠵᠤ᠂ ᠭᠤᠣᠯᠳᠠᠯᠭ᠎ᠠ ᠲᠠᠢ ᠡᠭᠦᠷᠭᠡ᠂ ᠭᠤᠣᠯᠳᠠᠯᠭ᠎ᠠ ᠲᠠᠢ

ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠪᠴᠠᠩ ᠢ ᠰᠠᠶᠢᠲᠤᠷ ᠪᠠᠶᠢᠭᠤᠯᠵᠤ ᠠᠴᠢᠶᠠᠯᠠᠪᠤᠷᠢ ᠶᠢ ᠰᠠᠶᠢᠲᠤᠷ

ᠠᠰᠢᠭᠯᠠᠵᠤ᠂ ᠥᠭᠡᠷᠡᠴᠢᠯᠡᠯᠲᠡ ᠶᠢᠨ ᠠᠷᠭ᠎ᠠ᠂ ᠠᠮᠢᠳᠤᠯᠢᠭ ᠲᠣᠭᠲᠠᠴᠠ ᠪᠠᠷ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠰᠢᠨ᠎ᠡ ᠶᠢ ᠡᠭᠦᠳᠬᠦ ᠶᠢ ᠠᠳᠬᠤᠬᠤ ᠬᠡᠷᠡᠭᠲᠡᠢ᠃ ᠬᠡᠷᠬᠢᠪᠡᠯ ᠴᠢᠳᠠᠪᠤᠷᠢᠲᠠᠨ ᠳᠤ ᠠᠰᠢᠭᠲᠠᠢ ᠶᠤᠮ ᠪᠣᠯ

ᠲᠡᠷᠡ ᠶᠠᠩᠵᠤ ᠪᠠᠷ ᠠᠵᠢᠯᠯᠠᠬᠤ ᠶᠢ ᠪᠠᠷᠢᠮᠲᠠᠯᠠᠵᠤ᠂ ᠴᠢᠳᠠᠪᠤᠷᠢᠲᠠᠨ ᠳᠤ ᠬᠠᠮᠤᠭ ᠤᠨ ᠰᠢᠯᠢᠳᠡᠭ ᠣᠷᠴᠢᠨ ᠨᠥᠬᠦᠴᠡᠯ ᠢ

ᠡᠭᠦᠳᠦᠨ ᠥᠭᠴᠦ᠂ ᠬᠠᠮᠤᠭ ᠤᠨ ᠰᠠᠶᠢᠨ ᠦᠢᠯᠡᠴᠢᠯᠡᠭᠡ ᠬᠠᠩᠭᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠠᠵᠢᠯᠲᠠᠳ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠢᠳᠠᠪᠤᠷᠢ ᠳᠠᠭᠠᠨ ᠲᠦᠰᠢᠭᠯᠡᠨ

ᠦᠭᠡ ᠬᠡᠯᠡᠵᠦ᠂ ᠨᠡᠩ ᠤᠯᠠᠨ ᠦᠷ᠎ᠡ ᠪᠦᠲᠦᠭᠡᠯ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠤᠶᠤᠨ ᠤᠬᠠᠭᠠᠨ ᠪᠠ

ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号