ᠤᠯᠠᠭᠠᠨ ᠵᠠᠭᠠᠯᠮᠠᠶᠢᠲᠠᠨ ᠪᠠ ︽ᠠᠷᠪᠠᠨ ᠳᠥᠷᠪᠡᠳᠦᠭᠡᠷ ᠡᠪᠦᠯ︾ ᠤᠨ ᠠᠵᠢᠯ ᠨᠢᠭᠡᠲᠡᠳ ᠤᠨ ᠭᠤᠣᠯ ᠰᠡᠳᠦᠪᠲᠦ ᠠᠵᠢᠯᠯᠠᠭ᠎ᠠ ᠶᠠᠪᠤᠭᠳᠠᠪᠠ ᠴᠢ᠊ ᠪᠠᠲᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/12/10
   12 ᠳ᠋ᠤᠭᠠᠷ ᠰᠠᠷ᠎ᠠ ᠶᠢᠨ 5 ᠤ ᠡᠳᠦᠷ ᠪᠣᠯ 38 ᠳᠠᠬᠢ ᠤᠯᠠᠨ ᠤᠯᠤᠰ ᠤᠨ ᠰᠠᠶᠢᠨ ᠳᠤᠷᠠᠲᠠᠳ ᠤᠨ ᠡᠳᠦᠷ ᠪᠣᠯᠣᠨ᠎ᠠ᠃ ᠲᠤᠬᠠᠢ ᠶᠢᠨ ᠡᠳᠦᠷ᠂ ᠤᠯᠠᠭᠠᠨ ᠵᠠᠭᠠᠯᠮᠠᠶᠢᠲᠠᠨ ᠪᠠ ︽ᠠᠷᠪᠠᠨ ᠳᠥᠷᠪᠡᠳᠦᠭᠡᠷ ᠡᠪᠦᠯ︾ ᠤᠨ ᠠᠵᠢᠯ ᠨᠢᠭᠡᠲᠡᠳ ᠤᠨ ᠭᠤᠣᠯ ᠰᠡᠳᠦᠪᠲᠦ ᠠᠵᠢᠯᠯᠠᠭ᠎ᠠ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠳᠤ ᠶᠠᠪᠤᠭᠳᠠᠪᠠ᠃

ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ

ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠴᠢ᠊ ᠪᠠᠲᠤ ᠬᠤᠷᠠᠯ ᠳᠤ ᠣᠷᠣᠯᠴᠠᠭᠰᠠᠨ ᠪᠥᠭᠡᠳ ︽ᠠᠷᠪᠠᠨ

ᠳᠥᠷᠪᠡᠳᠦᠭᠡᠷ ᠡᠪᠦᠯ︾ ᠤᠨ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ

ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠲᠤᠭ ᠭᠠᠷᠳᠠᠭᠤᠯᠪᠠ᠃

   ᠲᠤᠬᠠᠢ ᠶᠢᠨ ᠲᠠᠯᠠᠪᠠᠶ ᠳᠤ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽

ᠠᠷᠪᠠᠨ ᠳᠥᠷᠪᠡᠳᠦᠭᠡᠷ ᠡᠪᠦᠯ︾ ᠤᠨ 3 ᠤᠷᠤᠯᠳᠤᠭᠠᠨ ᠤ ᠲᠣᠭᠤᠷᠢᠭ ᠲᠤ AED᠂ ᠪᠠᠴᠢᠮ ᠪᠠᠶᠢᠳᠠᠯ ᠢ

ᠠᠷᠭᠠᠴᠠᠭᠠᠵᠤ ᠠᠪᠤᠷᠠᠨ ᠲᠤᠰᠠᠯᠠᠬᠤ ᠪᠣᠯᠪᠠᠰᠤᠷᠠᠯ ᠤᠨ ᠪᠠᠭᠠᠵᠢ ᠬᠡᠷᠡᠭᠰᠡᠯ ᠵᠡᠷᠭᠡ ᠡᠳ᠋ ᠪᠣᠳᠠᠰ ᠬᠠᠨᠳᠢᠪᠯᠡᠵᠤ᠂

ᠶᠡᠷᠦᠩᠬᠡᠢ ᠥᠷᠲᠡᠭ ᠨᠢ 103 ᠲᠦᠮᠡᠨ ᠲᠥᠭᠦᠷᠢᠭ ᠲᠤ ᠬᠦᠷᠴᠡᠢ᠃

  ᠣᠶᠢᠯᠠᠭᠠᠭᠰᠠᠨ ᠢᠶᠠᠷ᠂ ᠪᠥᠬᠦ ᠣᠷᠣᠨ ᠤ ᠡᠯ᠎ᠡ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠰᠠᠶᠢᠨ

ᠳᠤᠷᠠᠲᠠᠳ ᠢ ᠥᠷᠭᠡᠨ ᠢᠶᠠᠷ ᠳᠠᠶᠢᠴᠢᠯᠠᠨ ︽ᠠᠷᠪᠠᠨ ᠳᠥᠷᠪᠡᠳᠦᠭᠡᠷ ᠡᠪᠦᠯ︾ ᠤᠨ ᠤᠷᠤᠯᠳᠤᠭᠠᠨ ᠤ

ᠦᠢᠯᠡᠴᠢᠯᠡᠭᠡ ᠳᠤ ᠣᠷᠣᠯᠴᠠᠭᠤᠯᠤᠨ᠂ ᠡᠯ᠎ᠡ ᠤᠷᠤᠯᠳᠤᠭᠠᠨ ᠤ ᠲᠣᠭᠤᠷᠢᠭ ᠲᠤ ᠪᠠᠴᠢᠮ ᠪᠠᠶᠢᠳᠠᠯ ᠢ ᠠᠷᠭᠠᠴᠠᠭᠠᠵᠤ

ᠠᠪᠤᠷᠠᠨ ᠲᠤᠰᠠᠯᠠᠬᠤ ᠪᠣᠯᠪᠠᠰᠤᠷᠠᠯ ᠢ ᠢᠳᠡᠪᠬᠢᠲᠡᠢ ᠥᠷᠨᠢᠭᠦᠯᠦᠭᠡᠳ᠂ ᠣᠳᠣᠬᠠᠨ ᠳᠤ 4600 ᠭᠠᠷᠤᠢ ᠰᠠᠶᠢᠨ

ᠳᠤᠷᠠᠲᠠᠳ ᠢ ᠪᠣᠯᠪᠠᠰᠤᠷᠠᠭᠤᠯᠵᠠᠢ᠃

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号