ᠡᠳᠡᠭᠡᠷ ᠰᠤᠷᠤᠭᠴᠢ ᠶᠢ ᠬᠥᠮᠦᠨ ᠪᠦᠷᠢ 6000 ᠲᠥᠭᠦᠷᠢᠭ ᠢᠶᠠᠷ ᠱᠠᠩᠨᠠᠨ᠎ᠠ︕
ᠨᠡᠶᠢᠲᠡᠯᠡᠭᠰᠡᠨ ᠴᠠᠭ᠄
2023/12/3
   ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ ︽2021 — 2021 ᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠭᠥᠷᠳᠡᠭᠰᠡᠳ ᠤᠨ ᠨᠡᠷᠡᠰ ᠤᠨ ᠲᠤᠬᠠᠶ ᠰᠤᠷᠭᠠᠨ ᠬᠥᠮᠦᠵᠢᠯ ᠤᠨ ᠶᠠᠮᠤᠨ ᠤ ᠠᠯᠪᠠᠨ ᠵᠠᠷ︾  ᠢ ᠨᠡᠶᠢᠲᠡᠯᠡᠪᠡ᠃

   

ᠠᠯᠪᠠᠨ ᠵᠠᠷ ᠲᠤ᠂ ᠰᠤᠷᠭᠠᠨ ᠬᠥᠮᠦᠵᠢᠯ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ

ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠬᠠᠮᠲᠤᠷᠠᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢ ᠬᠢᠨᠠᠨ ᠲᠣᠭᠲᠠᠭᠠᠬᠤ ᠤᠳᠤᠷᠢᠳᠬᠤ

ᠳᠤᠭᠤᠶᠢᠯᠠᠩ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ

ᠱᠠᠩᠨᠠᠯ ᠤᠨ ᠮᠥᠩᠭᠦ ᠶᠢ ᠬᠢᠨᠠᠨ ᠲᠣᠭᠲᠠᠭᠠᠬᠤ ᠺᠣᠮᠢᠰ ᠢ ᠪᠠᠶᠢᠭᠤᠯᠤᠭᠠᠳ᠂ ᠪᠤᠰᠤᠳᠴᠢ᠂ ᠡᠷᠭᠡ ᠲᠡᠭᠰᠢ᠂ ᠲᠦᠪ

ᠭᠤᠣᠯᠴᠢ ᠪᠠᠶᠢᠬᠤ ᠵᠠᠷᠴᠢᠮ ᠢᠶᠠᠷ 2022 ᠣᠨ ᠤ ᠡᠯ᠎ᠡ ᠮᠤᠵᠢ ︵ᠣᠷᠣᠨ᠂ ᠬᠤᠲᠠ︶᠂ ᠡᠯ᠎ᠡ ᠲᠥᠯᠥᠪᠯᠡᠭᠡ ᠶᠢ

ᠠᠰ ᠲᠤᠨᠢ ᠲᠤᠬᠳᠠᠭᠠᠵᠤ ᠪᠠᠶᠢᠭ᠎ᠠ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ

ᠪᠢᠩᠲ᠋ᠤᠸᠠᠨ᠂ ᠤᠮᠠᠷᠠᠲᠤ ᠶᠢᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ᠂ ᠭᠤᠸᠠᠩᠳᠦ᠋ᠩ ᠤᠨ ᠲᠠᠷᠢᠶᠠᠯᠠᠩ ᠤᠨ

ᠠᠲᠠᠷ ᠬᠠᠭᠠᠯᠪᠤᠷᠢᠯᠠᠯᠲᠠ ᠶᠢᠨ ᠶᠡᠷᠦᠩᠬᠡᠶ ᠲᠣᠪᠴᠢᠶ᠎ᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ

ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠠᠷᠢᠶᠠᠯᠠᠭᠳᠠᠬᠤ

ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠭᠲᠠᠨ᠎ᠠ᠂

ᠳᠣᠷᠣᠭᠰᠢ ᠠᠳᠠᠯᠢ︶᠂ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠳᠡᠭᠡᠳᠦ ᠵᠡᠷᠭᠡ ᠶᠢᠨ

ᠰᠤᠷᠭᠠᠭᠤᠯᠢ ᠶᠢᠨ ᠬᠠᠷᠢᠶᠠᠲᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠮᠡᠳᠡᠭᠦᠯᠦᠨ ᠬᠦᠷᠭᠡᠭᠰᠡᠨ

ᠬᠢᠨᠠᠨ ᠲᠣᠭᠲᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠶ ᠬᠢᠨᠠᠨ ᠲᠣᠭᠲᠠᠭᠠᠪᠠ᠃ ᠬᠢᠨᠠᠨ ᠲᠣᠭᠲᠠᠭᠠᠬᠤ ᠪᠠᠷ ᠳᠡᠮᠵᠢᠨ᠂

ᠨᠡᠶᠢᠲᠡ 19996 ᠰᠣᠷᠣᠭᠴᠢ ᠳᠤ 2021 — 2022 ᠰᠤᠷᠤᠯᠭ᠎ᠠ ᠶᠢᠨ ᠣᠨ ᠤ ᠳᠤᠮᠳᠠ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠤᠯᠭᠤᠵᠤ᠂ ᠬᠥᠮᠦᠨ

ᠪᠦᠷᠢ ᠳᠤ 6000 ᠲᠥᠭᠦᠷᠢᠭ ᠱᠠᠩᠨᠠᠬᠤ ᠪᠠᠷ ᠲᠣᠭᠲᠠᠪᠠ᠂ ᠣᠲᠣ ᠵᠠᠷᠯᠠᠶ᠎ᠠ ᠬᠡᠪᠡ᠃

 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号