︽ᠣᠯᠠᠭᠠᠢ ᠬᠠᠮᠢᠶᠠᠷᠣᠯᠳᠠ ᠶᠢᠨ ᠣᠷᠣᠨ ᠤ ᠠᠶᠣᠯᠬᠦᠢ ᠦᠢᠯᠡᠳᠪᠦᠷᠢᠯᠡᠯ ᠤᠨ ᠠᠳᠡᠯ ᠤᠨ ᠮᠡᠳᠡᠭᠡ ᠵᠠᠩᠬᠢ ᠶᠢ ᠬᠠᠮᠳᠣ ᠪᠠᠷ ᠡᠳ᠋ᠯᠡᠬᠦ ᠲᠦᠷᠢᠮ ︵ᠲᠤᠷᠰᠢᠨ ᠬᠡᠷᠡᠭᠵᠢᠬᠦᠯᠬᠦ︶︾
ᠨᠡᠶᠢᠲᠡᠯᠡᠭᠰᠡᠨ ᠴᠠᠭ᠄
2023/2/27
    ᠨᠢᠭᠡ᠂ ︽ᠳᠦᠷᠢᠮ ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠭᠰᠡᠨ ᠠᠬᠤᠶ ᠪᠠᠶᠢᠳᠠᠯ     ᠲᠤᠰᠬᠠᠯ ᠲᠦᠷᠭᠡᠨ᠂ ᠠᠵᠢᠯᠯᠠᠭᠠᠨ ᠨᠢ ᠡᠮᠬᠢ ᠵᠢᠷᠤᠮ ᠲᠠᠢ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠡ᠊ᠨᠳᠡᠯ ᠤᠨ ᠮᠡᠳᠡᠭᠡ ᠵᠠᠩᠭᠢ ᠪᠠ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠵᠦ᠂ ᠡ᠊ᠨᠳᠡᠯ ᠤᠨ ᠠᠪᠤᠷᠠᠨ ᠲᠤᠰᠠᠯᠠᠯᠲᠠ ᠶᠢ ᠲᠡᠷᠡ ᠳᠠᠷᠤᠶ ᠳᠤᠨᠢ ᠡᠬᠢᠯᠡᠭᠦᠯᠵᠦ᠂ ᠡᠷᠬᠢᠮ ᠨᠠᠨᠳᠢᠨ ᠴᠠᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠥᠮᠦᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠶᠤᠯᠭᠦᠶ ᠦᠢᠯᠡᠳᠪᠦᠷᠢᠯᠡᠯ ᠤᠨ ᠡ᠊ᠨᠳᠡᠯ ᠤᠨ ᠮᠡᠳᠡᠭᠡ ᠵᠠᠩᠭᠢ ᠶᠢ ᠬᠠᠮᠲᠤ ᠪᠠᠷ ᠬᠤᠪᠢᠶᠠᠯᠴᠠᠭᠰᠠᠨ ᠦᠭᠡᠢ ᠠᠴᠠ ᠪᠣᠯᠤᠭᠰᠠᠨ ᠮᠡᠳᠡᠭᠡ ᠵᠠᠩᠭᠢ ᠶᠢ ᠤᠳᠠᠭᠠᠰᠢᠷᠠᠭᠤᠯᠤᠨ ᠮᠡᠳᠡᠭᠦᠯᠬᠦ᠂ ᠮᠡᠳᠡᠭᠡ ᠵᠠᠩᠭᠢ ᠶᠢ ᠲᠣᠩᠭᠤᠷᠠᠭᠤᠯᠬᠤ᠂ ᠠᠪᠤᠷᠠᠨ ᠲᠤᠰᠠᠯᠠᠬᠤ ᠶᠢ ᠤᠳᠠᠭᠠᠰᠢᠷᠠᠭᠤᠯᠬᠤ ᠵᠡᠷᠭᠡ ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃    ᠬᠤᠶᠠᠷ᠂ ︽ᠲᠦᠷᠢᠮ ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠭᠰᠡᠨ ᠦᠨᠳᠦᠰᠦᠯᠡᠯ    ᠲᠣᠰ ︽ᠲᠦᠷᠢᠮ ︵ᠲᠤᠷᠰᠢᠨ ᠬᠡᠷᠡᠭᠵᠢᠭᠦᠯᠬᠦ︶︾ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾᠂ ︽ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ ᠲᠣᠭᠲᠠᠭᠠᠪᠠ᠃    ᠭᠤᠷᠪᠠ᠂ ︽ᠳᠦᠷᠢᠮ ︵ᠲᠤᠷᠰᠢᠨ ᠬᠡᠷᠡᠭᠵᠢᠭᠦᠯᠬᠦ︶︾ ᠤᠨ ᠭᠤᠣᠯ ᠠᠭᠤᠯᠭ᠎ᠠ    ᠲᠣᠰ ︽ᠲᠦᠷᠢᠮ ︵ᠲᠤᠷᠰᠢᠨ ᠬᠡᠷᠡᠭᠵᠢᠭᠦᠯᠬᠦ︶︾ ᠳᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠬᠡᠪᠴᠢᠶ᠎ᠡ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠂ ᠬᠠᠮᠲᠤ ᠪᠠᠷ ᠡᠳ᠋ᠯᠡᠬᠦ ᠠᠷᠭ᠎ᠠ ᠬᠡᠯᠪᠡᠷᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠵᠡᠷᠭᠡ ᠳᠥᠷᠪᠡᠨ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠃ ᠨᠢᠭᠡ ᠳᠤ ᠠᠵᠤ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭ᠎ᠠ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠤᠰᠤᠨ ᠳᠡᠭᠡᠷᠡᠬᠢ ᠵᠠᠮ ᠬᠠᠷᠢᠯᠴᠠᠭ᠎ᠠ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠲᠠᠷᠢᠶᠠᠯᠠᠩ ᠤᠨ ᠮᠧᠬᠠᠨᠢᠭ᠂ ᠭᠠᠯ ᠤᠨ ᠠᠶᠤᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠵᠡᠷᠭᠡ ᠬᠦᠷᠢᠶ᠎ᠡ ᠴᠠᠷᠠᠭ᠎ᠠ ᠳᠤ ᠬᠥᠮᠦᠨ ᠬᠠᠷ᠎ᠠ ᠦᠬᠦᠵᠦ ᠰᠢᠷᠬᠠᠲᠤᠭᠰᠠᠨ ᠠᠳᠡᠯ ᠪᠤᠶᠤ ᠡᠩ ᠤᠨ ᠪᠠᠶᠢᠳᠠᠯ ᠠᠴᠠ ᠳᠡᠭᠡᠭᠰᠢᠬᠢ ᠠᠶᠤᠯ ᠳᠤ ᠬᠤᠯᠪᠣᠭᠳᠠᠭᠰᠠᠨ ᠠᠳᠡᠯ ᠤᠨ ᠮᠡᠳᠡᠭᠡ ᠵᠠᠩᠭᠢ ᠶᠢ ᠪᠤᠢ ᠪᠣᠯᠭᠠᠭᠰᠠᠨ ᠪᠠᠶᠢᠨ᠎ᠠ᠃ ᠠᠶᠤᠯ ᠦᠭᠡᠶ ᠦᠢᠯᠡᠳᠪᠦᠷᠢᠯᠡᠯ ᠤᠨ ᠠᠳᠡᠯ ᠤᠨ ᠠᠪᠤᠷᠠᠨ ᠲᠤᠰᠠᠯᠠᠬᠤ ᠠᠵᠢᠯ ᠢ ᠨᠥᠯᠥᠭᠡᠯᠡᠬᠦ ᠴᠠᠭ ᠠᠭᠤᠷ᠂ ᠭᠠᠵᠠᠷ ᠬᠥᠳᠡᠯᠦᠯᠲᠡ᠂ ᠭᠠᠵᠠᠷ ᠤᠨ ᠭᠠᠮᠰᠢᠭ᠂ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ᠃ ᠬᠤᠶᠠᠷ ᠲᠤ᠂ ᠡᠭᠦᠷᠭᠡ ᠬᠠᠷᠢᠭᠤᠴᠠᠯᠭ᠎ᠠ ᠶᠢ ᠬᠠᠮᠢᠶᠠᠷᠤᠯᠲᠠ ᠶᠢᠨ ᠣᠷᠣᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠲᠣᠰ ᠰᠢᠰᠲ᠋ᠧᠮ ᠤᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠨᠡᠭᠦᠷᠡᠰᠦ᠂ ᠵᠠᠮ ᠬᠠᠷᠢᠯᠴᠠᠭ᠎ᠠ᠂ ᠪᠠᠷᠢᠯᠭ᠎ᠠ ᠪᠠᠷᠢᠬᠤ᠂ ᠤᠰᠤᠨ ᠳᠡᠭᠡᠷᠡᠬᠢ ᠵᠠᠮ ᠬᠠᠷᠢᠯᠴᠠᠭ᠎ᠠ᠂ ᠣᠨᠴᠠ ᠲᠥᠷᠥᠯ ᠤᠨ ᠲᠥᠬᠦᠭᠡᠷᠦᠮᠵᠢ᠂ ᠲᠠᠷᠢᠶᠠᠯᠠᠩ ᠤᠨ ᠮᠠᠰᠢᠨ᠂ ᠭᠠᠯ ᠤᠨ ᠠᠶᠤᠯ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠡᠯ᠎ᠡ ᠬᠦᠷᠢᠶᠡᠨ ᠤ ᠠᠶᠤᠯᠭᠦᠶ ᠦᠢᠯᠡᠳᠪᠦᠷᠢᠯᠡᠯ ᠤᠨ ᠠᠳᠡᠯ ᠤᠨ ᠮᠡᠳᠡᠭᠡ ᠵᠠᠩᠭᠢ ᠶᠢ ᠭᠥᠯᠢᠶᠡᠨ ᠠᠪᠬᠤ ᠪᠠ ᠬᠤᠷᠢᠶᠠᠩᠭᠤᠶᠢᠯᠠᠬᠤ ᠶᠢᠨ ᠬᠠᠮᠲᠤ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠲᠤ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠡᠯ᠎ᠡ ᠬᠠᠮᠢᠶ᠎ᠠ ᠪᠥᠬᠦᠶ ᠨᠢᠭᠡᠴᠡ ᠲᠠᠢ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠬᠠᠷᠢᠭᠤᠴᠠᠨ᠎ᠠ᠃ ᠭᠤᠷᠪᠠ ᠳᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠵᠢᠯᠣᠭᠤᠳᠬᠤ ᠲᠥᠪ ᠢᠶᠠᠷ ᠳᠠᠮᠵᠢᠭᠤᠯᠤᠨ᠂ ᠡᠯ᠎ᠡ ᠬᠠᠮᠲᠤ ᠪᠠᠷ ᠡᠳ᠋ᠯᠡᠬᠦ ᠨᠢᠭᠡᠴᠡ ᠨᠦᠭᠦᠳ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠷᠢᠯᠴᠠᠨ ᠳᠠᠮᠵᠢᠭᠤᠯᠵᠤ ᠪᠣᠯᠬᠤ ᠮᠥᠷᠲᠡᠭᠡᠨ ᠪᠠᠰᠠ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠢᠶᠠᠷ ᠳᠠᠮᠵᠢᠭᠤᠯᠤᠨ ᠮᠡᠳᠡᠭᠡ ᠵᠠᠩᠭᠢ ᠶᠢ ᠬᠤᠯᠪᠣᠭᠳᠠᠯ ᠪᠦᠬᠦᠢ ᠨᠢᠭᠡᠴᠢ ᠳᠤ ᠳᠠᠮᠵᠢᠭᠤᠯᠵᠤ ᠪᠣᠯᠣᠨ᠎ᠠ᠃ ᠭᠤᠷᠪᠠ ᠳᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠳᠤ ᠳ᠋ᠢᠶᠠᠩᠬᠤᠸᠠ᠂ ᠹᠠᠺᠰ᠂ ᠡᠯᠧᠺᠳ᠋ᠷᠣᠨ ᠰᠢᠤᠳᠠᠨ ᠤ ᠬᠠᠶᠢᠷᠴᠠᠭ ᠪᠤᠶᠤ ᠪᠢᠴᠢᠭ ᠢᠶᠠᠷ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢ ᠬᠡᠷᠡᠭᠯᠡᠵᠦ᠂ ᠰᠡᠭᠦᠯᠴᠢ ᠶᠢᠨ ᠬᠤᠭᠤᠴᠠᠭᠠᠨ ᠳᠤ᠂ ᠪᠠᠴᠢᠮ ᠪᠠᠶᠢᠳᠠᠯ ᠢ ᠠᠷᠭᠠᠴᠠᠭᠠᠬᠤ ᠲᠠᠪᠴᠠᠩ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠰᠢᠭᠤᠳ ᠲᠠᠪᠴᠠᠩ ᠢᠶᠠᠷ ᠳᠠᠮᠵᠢᠭᠤᠯᠤᠨ ᠬᠠᠮᠲᠤ ᠪᠠᠷ ᠡᠳ᠋ᠯᠡᠵᠦ ᠪᠣᠯᠤᠨ᠎ᠠ᠃ ᠳᠥᠷᠪᠡ ᠳᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠤᠳᠤᠷᠢᠳᠤᠯᠭ᠎ᠠ ᠪᠣᠯᠤᠨ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠨ ᠦᠨᠡᠨᠬᠦ ᠴᠢᠩᠭᠠᠳᠬᠠᠵᠤ᠂ ᠤᠯᠠᠭᠠᠶ ᠬᠠᠮᠢᠶᠠᠷᠤᠯᠲᠠ ᠶᠢᠨ ᠣᠷᠣᠨ ᠤ ︽ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠬᠦ ᠲᠦᠷᠢᠮ︾ ᠪᠣᠯᠤᠨ ︽ᠪᠠᠯᠭᠠᠰᠤ ᠲᠠᠯᠠᠪᠠᠶ᠂ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠵᠥᠪᠳᠡᠯᠴᠡᠨ ᠰᠤᠳᠤᠯᠤᠨ ᠮᠠᠭᠠᠳᠯᠠᠬᠤ ᠲᠦᠷᠢᠮ︾ ᠢ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠲᠣᠭᠲᠠᠮᠠᠯ ᠬᠤᠷᠠᠯ ᠢᠶᠠᠷ ᠳᠠᠮᠵᠢᠭᠤᠯᠤᠨ ᠶᠠᠷᠢᠯᠴᠠᠬᠤ ᠬᠤᠷᠠᠯ ᠬᠢᠵᠦ᠂ ᠬᠠᠷᠢᠯᠴᠠᠭ᠎ᠠ ᠪᠠᠨ ᠴᠢᠩᠭᠠᠳᠬᠠᠨ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠰᠢᠢᠳᠪᠦᠷᠢᠯᠡᠬᠦ ᠠᠷᠭ᠎ᠠ ᠶᠢ ᠶᠠᠷᠢᠯᠴᠠᠵᠤ᠂ ᠡᠯ᠎ᠡ ᠨᠢᠭᠡᠴᠡ ᠶᠢᠨ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠣᠯᠢᠯᠠᠭᠤᠯᠪᠠ᠃
 
ᠢᠷᠡᠯᠲᠡ᠄ ᠤᠯᠠᠭᠠᠢ ᠬᠠᠮᠢᠶᠠᠷᠤᠯᠲᠠ ᠶᠢᠨ ᠣᠷᠣᠨ ᠤ ᠠᠯᠪᠠᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号