2 ᠳ᠋ᠤᠭᠠᠷ ᠰᠠᠷ᠎ᠠ ᠶᠢᠨ 23 ᠤ ᠡᠳᠦᠷ᠂ ᠰᠢᠯᠢ ᠶᠢᠨ ᠭᠤᠤᠯ ᠠᠶᠢᠮᠠᠭ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠠᠮᠲᠤ ᠪᠠᠷ ᠡᠳ᠋ᠯᠡᠬᠦ ᠵᠢᠱᠢᠶ᠎ᠡ ᠦᠵᠡᠭᠦᠯᠬᠦ ᠪᠦᠰᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ | ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠰᠢᠯᠢ ᠶᠢᠨ ᠬᠤᠲᠠ᠂ ᠪᠠᠷᠠᠭᠤᠨ ᠦᠵᠦᠮᠦᠴᠢᠨ ᠬᠤᠰᠢᠭᠤ᠂ ᠬᠥᠪᠡᠭᠡᠲᠦ | ᠰᠢᠷ᠎ᠠ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠲᠠᠶᠢᠪᠤᠰᠧ ᠬᠤᠰᠢᠭᠤ᠂ ᠰᠢᠯᠤᠭᠤᠨ ᠬᠥᠬᠡ | ᠬᠤᠰᠢᠭᠤ᠂ ᠳᠣᠯᠣᠨ ᠨᠠᠭᠤᠷ ᠰᠢᠶᠠᠨ᠂ ᠤᠯᠠᠭᠠᠶ ᠬᠠᠮᠢᠶᠠᠷᠤᠯᠲᠠ ᠶᠢᠨ ᠣᠷᠣᠨ ᠵᠡᠷᠬᠡ ᠭᠠᠵᠠᠷ ᠤᠨ ᠦᠨᠳᠦᠰᠦᠲᠡᠨ ᠤ | ᠵᠥᠪᠯᠡᠯ ᠤᠨ ᠡᠷᠬᠢᠯᠡᠭᠴᠢ᠂ ᠬᠤᠪᠢᠳᠠᠨ ᠬᠠᠮᠢᠶᠠᠷᠴᠤ ᠪᠥᠬᠦᠶ ᠳᠡᠳ᠋ ᠡᠷᠬᠢᠯᠡᠭᠴᠢ ᠵᠢᠴᠢ ᠠᠶᠢᠮᠠᠭ ᠤᠨ ᠦᠨᠳᠦᠰᠦᠲᠡᠨ ᠤ | ᠵᠥᠪᠯᠡᠯ ᠤᠨ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠠᠵᠢᠯᠲᠠᠳ ᠶᠠᠷᠢᠯᠴᠠᠬᠤ ᠬᠤᠷᠠᠯ ᠳᠤ ᠣᠷᠣᠯᠴᠠᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠮᠲᠤ ᠪᠠᠷ ᠡᠳ᠋ᠯᠡᠬᠦ ᠵᠢᠱᠢᠶ᠎ᠡ ᠦᠵᠡᠭᠦᠯᠬᠦ ᠪᠦᠰᠡ ᠶᠢᠨ ᠪᠥᠲᠥᠭᠡᠨ | ᠪᠠᠶᠢᠭᠤᠯᠤᠯᠲᠠ ᠶᠢᠨ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠰᠠᠨᠠᠯ ᠰᠠᠨᠠᠭᠤᠯᠭ᠎ᠠ ᠪᠠᠨ ᠳᠡᠪᠰᠢᠭᠦᠯᠪᠡ᠃ | ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠠᠮᠲᠤ ᠪᠠᠷ ᠡᠳ᠋ᠯᠡᠬᠦ ᠵᠢᠱᠢᠶ᠎ᠡ ᠦᠵᠡᠭᠦᠯᠬᠦ ᠪᠦᠰᠡ ᠶᠢᠨ ᠪᠦᠳᠦᠬᠡᠨ ᠪᠠᠶᠢᠭᠤᠯᠤᠯᠲᠠ ᠶᠢᠨ ᠠᠵᠢᠯ ᠤᠨ | ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠨᠡᠶᠢᠯᠡᠮᠡᠯ | ᠬᠦᠴᠦᠨ ᠢ ᠪᠦᠷᠢᠯᠳᠦᠭᠦᠯᠵᠦ᠂ ᠨᠢᠭᠡ ᠴᠢᠭᠯᠡᠯ ᠲᠡᠶᠢᠰᠢ ᠬᠦᠴᠦᠯᠡᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠠᠮᠲᠤ ᠪᠠᠷ ᠡᠳ᠋ᠯᠡᠬᠦ ᠵᠢᠱᠢᠶ᠎ᠡ ᠦᠵᠡᠭᠦᠯᠬᠦ ᠪᠦᠰᠡ ᠶᠢ ᠡᠭᠦᠳᠦᠨ ᠪᠠᠶᠢᠭᠤᠯᠬᠤ ᠡᠯ᠎ᠡ ᠲᠦᠷᠦᠯ ᠤᠨ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠠᠮᠲᠤ ᠪᠠᠷ ᠠᠬᠢᠭᠤᠯᠬᠤ ᠬᠡᠷᠡᠭᠲᠡᠶ᠃ ᠠᠭᠤᠰᠤᠯᠴᠠᠭᠰᠠᠨ ᠬᠠᠮᠲᠤ ᠶᠢᠨ | ᠠᠵᠢᠯᠯᠠᠭ᠎ᠠ ᠶᠢ ᠰᠠᠶᠢᠲᠤᠷ ᠬᠢᠵᠦ᠂ ︽ᠦᠨᠳᠦᠰᠦᠲᠡᠨ ᠤ ᠪᠦᠯᠬᠦᠮᠳᠡᠯ +︾ ᠠᠵᠢᠯ ᠤᠨ ᠰᠡᠳᠬᠢᠴᠡ ᠶᠢ ᠢᠳᠡᠪᠬᠢᠲᠡᠢ | ᠬᠠᠶᠢᠨ ᠰᠦᠪᠡᠭᠴᠢᠯᠡᠵᠦ᠂ ᠡᠭᠦᠳᠦᠨ ᠪᠠᠶᠢᠭᠤᠯᠬᠤ ᠠᠵᠢᠯ ᠢ ᠠᠵᠤ ᠠᠬᠤᠢ ᠶᠢᠨ ᠬᠥᠭᠵᠢᠯᠲᠡ ᠲᠠᠢ ᠵᠡᠷᠭᠡ ᠪᠠᠷ | ᠶᠠᠪᠤᠭᠳᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠵᠡᠷᠭᠡ ᠪᠠᠷ ᠠᠬᠢᠭᠤᠯᠬᠤ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠲᠠᠢ ᠵᠡᠷᠭᠡ ᠪᠠᠷ ᠤᠷᠤᠭᠰᠢᠯᠠᠭᠤᠯᠬᠤ᠂ ᠨᠡᠶᠢᠭᠡᠮ ᠤᠨ ᠵᠠᠰᠠᠯᠲᠠ ᠲᠠᠢ ᠵᠡᠷᠭᠡ ᠪᠠᠷ | ᠠᠳᠬᠤᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠲᠠᠢ ᠵᠡᠷᠭᠡ ᠪᠠᠷ ᠠᠬᠢᠭᠤᠯᠬᠤ ᠬᠤᠯᠪᠣᠭᠠᠯᠠᠨ ᠬᠥᠳᠡᠯᠦᠯᠴᠡᠬᠦ | ᠲᠣᠭᠲᠠᠴᠠ ᠶᠢ ᠪᠠᠶᠢᠭᠤᠯᠵᠤ᠂ ᠡᠭᠦᠳᠦᠨ ᠪᠠᠶᠢᠭᠤᠯᠬᠤ ᠪᠦᠲᠦᠮᠵᠢ ᠶᠢᠨ ᠨᠥᠯᠥᠭᠡᠯᠡᠯ ᠢ ᠲᠠᠰᠤᠷᠠᠯᠳᠠ ᠦᠭᠡᠢ | ᠨᠡᠮᠡᠭᠳᠡᠭᠦᠯᠵᠦ ᠥᠷᠭᠡᠳᠬᠡᠬᠦ ᠬᠡᠷᠡᠭᠲᠡᠢ᠃ ᠣᠨᠴᠠᠯᠢᠭ ᠳᠠᠪᠠᠭᠤᠯᠢᠭ ᠢᠶᠠᠨ ᠳᠣᠪᠤᠶᠢᠯᠭᠠᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ︽ᠨᠠᠢᠮᠠ ᠳᠤ ᠣᠷᠣᠭᠤᠯᠬᠤ︾ ᠶᠢ ᠰᠠᠶᠢᠲᠤᠷ ᠠᠳᠬᠤᠬᠤ ᠶᠢᠨ | ᠬᠠᠮᠲᠤ᠂ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠣᠰ ᠤᠨ ᠢᠶᠠᠨ ᠣᠨᠴᠠᠯᠢᠭ ᠲᠠᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠣᠳᠣᠨ ᠵᠢᠱᠢᠶ᠎ᠡ ᠦᠵᠡᠭᠦᠯᠬᠦ ᠴᠡᠭ ᠢ ᠪᠠᠶᠢᠭᠤᠯᠬᠤ ᠬᠡᠷᠡᠭᠲᠡᠶ ᠬᠡᠵᠦ | ᠱᠠᠭᠠᠷᠳᠠᠪᠠ᠃ | ᠣᠷᠴᠢᠭᠤᠯᠤᠭᠴᠢ᠄ ᠣᠶᠤᠨᠰᠡᠴᠡᠨ | ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ | |