︽ᠦᠵᠦᠮᠦᠴᠢᠨ ᠬᠤᠨᠢ︾ ᠪᠤᠯᠤᠨ ︽ᠮᠤᠩᠭᠤᠯ ᠠᠳᠤᠭᠤ︾ ᠤᠯᠤᠰ ᠤᠨ 2022 ᠤᠨ ᠤ ᠠᠷᠪᠠᠨ ᠶᠡᠭᠡ ᠰᠢᠯᠢᠳᠡᠭ ᠡᠭᠦᠯᠳᠡᠷ ᠤᠨ ᠮᠠᠯ ᠲᠡᠵᠢᠭᠡᠪᠦᠷᠢ ᠶᠢᠨ ᠤᠳᠤᠮᠯᠠᠯ ᠤᠨ ᠡᠬᠢ ᠪᠠᠶᠠᠯᠢᠭ ᠢᠶᠠᠷ ᠪᠦᠷᠢᠳᠬᠡᠭᠳᠡᠯ᠎ᠡ
ᠨᠡᠶᠢᠲᠡᠯᠡᠭᠰᠡᠨ ᠴᠠᠭ᠄
2023/4/20
  ᠤᠯᠤᠰ ᠤᠨ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ᠤ ᠤᠶᠢᠷ᠎ᠠ ᠳᠤ ᠨᠡᠶᠢᠳᠡᠯᠡᠭᠰᠡᠨ 2022 ᠤᠨ ᠤ ᠠᠷᠪᠠᠨ ᠶᠡᠭᠡ ᠲᠠᠷᠢᠮᠠᠯ᠂ ᠮᠠᠯ ᠲᠡᠵᠢᠭᠡᠪᠦᠷᠢ᠂ ᠤᠰᠤᠨ ᠤ ᠭᠠᠷᠤᠯᠳᠠ ᠶᠢᠨ ᠰᠢᠯᠢᠳᠡᠭ ᠡᠭᠦᠯᠳᠡᠷ ᠤᠨ ᠡᠬᠢ ᠪᠠᠶᠠᠯᠢᠭ ᠤᠨ ᠵᠢᠭᠰᠠᠭᠠᠯᠳᠠ ᠳᠤ ᠰᠢᠯᠢ ᠶᠢᠨ ᠭᠤᠤᠯ ᠠᠶᠢᠮᠠᠭ ᠤᠨ ᠤᠷᠤᠨ ᠨᠤᠳᠤᠭ ᠤᠨ ᠰᠢᠯᠢᠳᠡᠭ ᠡᠭᠦᠯᠳᠡᠷ ᠪᠤᠯᠬᠤ ︽ᠦᠵᠦᠮᠦᠴᠢᠨ ᠬᠤᠨᠢ︾ ᠪᠤᠯᠤᠨ ︽ᠮᠤᠩᠭᠤᠯ ᠠᠳᠤᠭᠤ︾ ᠰᠤᠩᠭᠤᠭᠳᠠᠵᠤ᠂ ᠤᠯᠤᠰ ᠤᠨ ᠠᠷᠪᠠᠨ ᠶᠡᠭᠡ ᠰᠢᠯᠢᠳᠡᠭ ᠮᠠᠯ ᠲᠡᠵᠢᠭᠡᠪᠦᠷᠢ ᠶᠢᠨ ᠤᠳᠤᠮᠯᠠᠯ ᠤᠨ ᠡᠬᠢ ᠪᠠᠶᠠᠯᠢᠭ ᠢᠶᠠᠷ ᠪᠦᠷᠢᠳᠭᠡᠭᠳᠡᠪᠡ᠃ ᠮᠡᠳᠡᠭᠡᠵᠢ ᠪᠠᠷ᠂ ᠦᠵᠦᠮᠦᠴᠢᠨ ᠬᠤᠨᠢ ᠪᠤᠯ ᠰᠢᠯᠢ ᠶᠢᠨ ᠭᠤᠤᠯ ᠤᠨ ᠦᠵᠦᠮᠦᠴᠢᠨ ᠤ ᠲᠠᠯ᠎ᠠ ᠨᠤᠲᠤᠭ ᠲᠤ ᠤᠷᠳᠤ ᠤᠳᠠᠭᠠᠨ ᠵᠢᠯ ᠤᠨ ᠪᠠᠶᠢᠭᠠᠯᠢ ᠶᠢᠨ ᠰᠢᠯᠢᠯᠳᠡ ᠪᠠ ᠬᠦᠮᠦᠨ ᠤ ᠬᠦᠴᠦᠨ ᠤ ᠪᠤᠶᠢᠵᠢᠭᠤᠯᠤᠯᠳᠠ ᠪᠠᠷ ᠪᠤᠢ ᠪᠤᠯᠤᠭᠰᠠᠨ ᠮᠤᠩᠭᠤᠯ ᠬᠤᠨᠢᠨ ᠤ ᠰᠢᠯᠢᠳᠡᠭ ᠡᠭᠦᠯᠳᠡᠷ ᠪᠤᠯᠬᠤ ᠶᠤᠮ᠃ 1986 ᠤᠨ ᠳᠤ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ︽ᠦᠵᠦᠮᠦᠴᠢᠨ ᠬᠤᠨᠢ︾ ᠶᠢ ᠲᠤᠰᠬᠠᠢ ᠡᠭᠦᠯᠳᠡᠷ ᠢᠶᠠᠷ ᠨᠡᠷᠡᠶᠢᠳᠴᠤ᠂ 2000 ᠤᠨ ᠳᠤ ᠬᠦᠳᠡᠭᠡ ᠠᠵᠤ ᠠᠬᠤᠢ ᠶᠢᠨ ᠶᠠᠮᠤᠨ ᠠᠴᠠ ᠲᠤᠰ ᠡᠭᠦᠯᠳᠡᠷ ᠤᠨ ᠬᠤᠨᠢ ᠶᠢ ᠤᠯᠤᠰ ᠤᠨ ᠲᠡᠰ ᠤᠨ ᠮᠠᠯ ᠲᠡᠵᠢᠭᠡᠪᠦᠷᠢ ᠶᠢᠨ ᠡᠬᠢ ᠪᠠᠶᠠᠯᠢᠭ ᠤᠨ ᠬᠠᠮᠠᠭᠠᠯᠠᠯᠳᠠ ᠶᠢᠨ ᠡᠭᠦᠯᠳᠡᠷ ᠲᠤ ᠤᠷᠤᠭᠤᠯᠵᠠᠢ᠃ ᠤᠳᠤ ᠲᠤᠰ ᠡᠭᠦᠯᠳᠡᠷ ᠤᠨ ᠬᠤᠨᠢ 350 ᠭᠠᠷᠤᠢ ᠲᠦᠮᠡ ᠪᠠᠶᠢᠵᠦ᠂ ᠭᠤᠤᠯᠳᠠᠭᠤ ᠰᠢᠯᠢ ᠶᠢᠨ ᠭᠤᠤᠯ ᠠᠶᠢᠮᠠᠭ ᠤᠨ ᠵᠡᠭᠦᠨ ᠪᠠᠷᠠᠭᠤᠨ ᠦᠵᠦᠮᠦᠴᠢᠨ᠂ ᠰᠢᠯᠢᠩᠬᠤᠳᠠ᠂ ᠠᠪᠠᠭ᠎ᠠ ᠬᠤᠰᠢᠭᠤ ᠪᠠ ᠤᠯᠠᠭᠠᠢ ᠬᠠᠮᠢᠶᠠᠷᠤᠯᠳᠠ ᠶᠢᠨ ᠤᠷᠤᠨ ᠢᠶᠠᠷ ᠮᠠᠯᠵᠢᠵᠦ ᠪᠤᠢ᠃ ᠮᠤᠩᠭᠤᠯ ᠠᠳᠤᠭᠤ ᠪᠤᠯ ᠲᠠᠷᠬᠠᠯᠳᠠ ᠦᠷᠭᠡᠨ᠂ ᠲᠤᠭ᠎ᠠ ᠤᠯᠠᠨ ᠪᠦᠭᠡᠳ ᠪᠠᠶᠢᠳᠠᠯ ᠲᠦᠷᠬᠦ ᠤᠨᠴᠠᠭᠠᠢ ᠠᠳᠤᠭᠤᠨ ᠤ ᠡᠭᠦᠯᠳᠡᠷ ᠤᠭᠰᠠᠭ᠎ᠠ ᠪᠠᠶᠢᠵᠤ᠂ ᠠᠮᠢᠳᠤ ᠪᠤᠳᠠᠰ ᠤᠨ ᠰᠢᠨᠵᠢᠯᠡᠬᠦ ᠤᠬᠠᠭᠠᠨ ᠤ ᠬᠦᠷᠢᠶ᠎ᠡ ᠴᠠᠷᠠᠭᠠᠨ ᠳᠠᠬᠢ ᠬᠤᠪᠤᠷ ᠴᠤᠬᠠᠭ ᠤᠳᠤᠮᠯᠠᠯ ᠤᠨ ᠡᠬᠢ ᠪᠠᠶᠠᠯᠢᠭ ᠪᠤᠯᠬᠤ ᠶᠤᠮ᠃ 2006 ᠤᠨ ᠳᠤ ︽ᠤᠯᠤᠰ ᠤᠨ ᠮᠠᠯ ᠲᠡᠵᠢᠭᠡᠪᠦᠷᠢ ᠶᠢᠨ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢᠨ ᠨᠡᠷᠡᠰ ᠤᠨ ᠪᠦᠷᠢᠳᠭᠡᠯ︾ ᠳᠤ ᠤᠷᠤᠪᠠ᠃ ᠡᠭᠦᠨ ᠳᠤ᠂ ᠰᠢᠯᠢ ᠶᠢᠨ ᠭᠤᠤᠯ ᠠᠶᠢᠮᠠᠭ ᠪᠤᠯ ᠮᠤᠩᠭᠤᠯ ᠠᠳᠤᠭᠤᠨ ᠤ ᠭᠤᠤᠯ ᠴᠢᠬᠤᠯᠠ ᠭᠠᠷᠤᠯᠳᠠ ᠶᠢᠨ ᠤᠷᠤᠨ ᠪᠤᠯᠬᠤ ᠪᠦᠭᠡᠳ ᠲᠤᠰ ᠠᠶᠢᠮᠠᠭ ᠤᠨ ᠠᠳᠤᠭᠤᠨ ᠤ ᠲᠤᠭ᠎ᠠ 9.1 ᠲᠦᠮᠡ ᠶᠢ ᠲᠠᠪᠠᠵᠠᠢ᠃ ᠤᠯᠤᠰ ᠤᠨ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ᠤ ᠠᠯᠪᠠᠨ ᠰᠦᠯᠵᠢᠶ᠎ᠡ ᠳᠤ ᠨᠡᠶᠢᠳᠡᠯᠡᠭᠰᠡᠨ ᠢᠶᠠᠷ᠂ ᠪᠦᠬᠦ ᠤᠯᠤᠰ ᠤᠨ ᠬᠦᠳᠡᠭᠡ ᠠᠵᠤ ᠠᠬᠤᠢ ᠶᠢᠨ ᠦᠢᠯᠡᠰ ᠤᠨ ᠡᠭᠦᠯᠳᠡᠷ ᠤᠨ ᠡᠬᠢ ᠪᠠᠶᠠᠯᠢᠭ ᠤᠨ ᠪᠦᠷᠢᠳᠭᠡᠯ ᠤᠨ ᠠᠵᠢᠯ 2021 ᠤᠨ ᠠᠴᠠ ᠵᠢᠩᠭᠢᠨᠢ ᠪᠠᠷ ᠡᠬᠢᠯᠡᠵᠦ᠂ ᠲᠠᠷᠢᠮᠠᠯ᠂ ᠮᠠᠯ ᠲᠡᠵᠢᠭᠡᠪᠦᠷᠢ ᠪᠠ ᠤᠰᠤᠨ ᠤ ᠭᠠᠷᠤᠯᠳᠠ ᠶᠢᠨ ᠡᠭᠦᠯᠳᠡᠷ ᠤᠨ ᠡᠬᠢ ᠪᠠᠶᠠᠯᠢᠭ ᠢ ᠪᠦᠷᠢᠳᠭᠡᠵᠦ᠂ ᠨᠢᠭᠡ ᠪᠦᠯᠦᠭ ᠬᠤᠪᠤᠷ ᠴᠤᠬᠠᠭ᠂ ᠤᠰᠠᠳᠬᠤ ᠠᠶᠤᠯᠳᠠᠢ᠂ ᠤᠨᠴᠠ ᠪᠠᠶᠢᠳᠠᠭ ᠡᠬᠢ ᠪᠠᠶᠠᠯᠢᠭ ᠢ ᠠᠪᠤᠷᠠᠨ ᠬᠠᠮᠠᠭᠠᠯᠠᠵᠤ ᠪᠤᠢ᠃ ᠡᠭᠦᠨ ᠳᠤ᠂ ᠲᠤᠰ ᠤᠳᠠᠭ᠎ᠠ ᠶᠢᠨ ᠨᠡᠶᠢᠳᠡᠯᠡᠭᠰᠡᠨ ᠠᠷᠪᠠᠨ ᠶᠡᠭᠡ ᠰᠢᠯᠢᠳᠡᠭ ᠡᠭᠦᠯᠳᠡᠷ ᠤᠨ ᠮᠠᠯ ᠲᠡᠵᠢᠭᠡᠪᠦᠷᠢ ᠶᠢᠨ ᠤᠳᠤᠮᠯᠠᠯ ᠤᠨ ᠡᠬᠢ ᠪᠠᠶᠠᠯᠢᠭ ᠪᠤᠯ ᠴᠦᠮ ᠮᠠᠨ ᠤ ᠤᠯᠤᠰ ᠲᠤ ᠤᠷᠳᠤ ᠤᠳᠠᠭᠠᠨ ᠠᠷᠠᠴᠢᠯᠠᠨ ᠲᠡᠵᠢᠭᠡᠭᠰᠡᠨ ᠲᠡᠤᠬᠡ ᠲᠠᠢ᠂ ᠮᠡᠰᠢ ᠨᠡᠶᠢᠳᠡᠯᠢᠭ ᠰᠢᠨᠵᠢ ᠤᠨᠴᠠᠯᠢᠭ ᠲᠠᠢ ᠤᠷᠤᠨ ᠨᠤᠲᠤᠭ ᠤᠨ ᠰᠢᠯᠢᠳᠡᠭ ᠡᠭᠦᠯᠳᠡᠷ ᠪᠤᠯᠬᠤ ᠶᠤᠮ᠃ ︽ᠡᠨᠡ ᠤᠳᠠᠭ᠎ᠠ ︿ᠦᠵᠦᠮᠦᠴᠢᠨ ᠬᠤᠨᠢ﹀ ᠪᠤᠯᠤᠨ ︿ᠮᠤᠩᠭᠤᠯ ᠠᠳᠤᠭᠤ﹀ ᠨᠢ ᠤᠯᠤᠰ ᠤᠨ ᠠᠷᠪᠠᠨ ᠶᠡᠭᠡ ᠰᠢᠯᠢᠳᠡᠭ ᠡᠭᠦᠯᠳᠡᠷ ᠤᠨ ᠮᠠᠯ ᠲᠡᠵᠢᠭᠡᠪᠦᠷᠢ ᠶᠢᠨ ᠤᠳᠤᠮᠯᠠᠯ ᠤᠨ ᠡᠬᠢ ᠪᠠᠶᠠᠯᠢᠭ ᠲᠤ ᠤᠷᠤᠭᠰᠠᠨ ᠨᠢ ᠰᠢᠯᠢ ᠶᠢᠨ ᠭᠤᠤᠯ ᠠᠶᠢᠮᠠᠭ ᠤᠨ ᠤᠷᠤᠨ ᠨᠤᠲᠤᠭ ᠤᠨ ᠮᠠᠯ ᠲᠡᠵᠢᠭᠡᠪᠦᠷᠢ ᠶᠢᠨ ᠤᠳᠤᠮᠯᠠᠯ ᠤᠨ ᠡᠬᠢ ᠪᠠᠶᠠᠯᠢᠭ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠬᠤᠶᠢᠰᠢᠳᠠ ᠶᠢᠨ ᠮᠠᠨ ᠤ ᠠᠶᠢᠮᠠᠭ ᠤᠨ ᠮᠠᠯ ᠠᠵᠤ ᠠᠬᠤᠢ ᠲᠠᠷᠢᠶᠠᠯᠡᠩ ᠤᠨ ᠦᠢᠯᠡᠰ ᠤᠨ ᠴᠢᠨᠠᠷ ᠰᠠᠶᠢᠳᠠᠢ ᠬᠦᠭᠵᠢᠯᠳᠡ ᠳᠤ ᠮᠠᠰᠢ ᠴᠢᠬᠤᠯᠠ ᠲᠦᠯᠬᠢᠴᠡ ᠦᠢᠯᠡᠳᠦᠯ ᠲᠠᠢ ᠶᠤᠮ ︾ ᠭᠡᠵᠦ ᠰᠢᠯᠢ ᠶᠢᠨ ᠭᠤᠤᠯ ᠠᠶᠢᠮᠠᠭ ᠤᠨ ᠮᠠᠯ ᠠᠵᠤ ᠠᠬᠤᠢ ᠶᠢᠨ ᠠᠵᠢᠯᠯᠠᠬᠤ ᠦᠷᠳᠡᠭᠡᠨ ᠤ ᠲᠠᠷᠤᠭ᠎ᠠ ᠢᠪᠡᠬᠡᠯᠳᠤ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠯ᠎ᠠ᠃ ᠬᠤᠶᠢᠰᠢᠳᠠ ᠰᠢᠯᠢ ᠶᠢᠨ ᠭᠤᠤᠯ ᠠᠶᠢᠮᠠᠭ ᠦᠵᠦᠮᠦᠴᠢᠨ ᠬᠤᠨᠢ ᠪᠠ ᠮᠤᠩᠭᠤᠯ ᠠᠳᠤᠭᠤᠨ ᠤ ᠡᠭᠦᠯᠳᠡᠷ ᠢ ᠬᠠᠮᠠᠭᠠᠯᠠᠨ ᠦᠷᠡᠵᠢᠭᠦᠯᠬᠦ ᠪᠠᠨ ᠤᠯᠠᠮ ᠴᠢᠩᠭᠠᠳᠬᠠᠵᠤ᠂ ᠡᠭᠦᠯᠳᠡᠷ ᠰᠠᠶᠢᠵᠢᠷᠠᠭᠤᠯᠬᠤ᠂ ᠠᠮᠢᠳᠤ ᠪᠤᠳᠠᠰ ᠤᠨ ᠡᠭᠦᠯᠳᠡᠷ ᠢ ᠬᠠᠮᠠᠭᠠᠯᠠᠬᠤ ᠵᠡᠷᠭᠡ ᠠᠷᠭ᠎ᠠ ᠪᠠᠷᠢᠯ ᠢᠶᠠᠷ ᠲᠠᠮᠵᠢᠭᠤᠯᠤᠨ᠂ ᠰᠦᠨᠢᠳ ᠬᠤᠨᠢ᠂ ᠰᠦᠨᠢᠳ ᠤᠨ ᠬᠤᠤᠰ ᠪᠦᠬᠦᠳᠤ ᠲᠡᠮᠡᠭᠡ᠂ ᠦᠵᠦᠮᠦᠴᠢᠨ ᠴᠠᠭᠠᠨ ᠢᠮᠠᠭ᠎ᠠ ᠵᠡᠷᠭᠡ ᠤᠷᠤᠨ ᠨᠤᠲᠤᠭ ᠤᠨ ᠰᠢᠯᠢᠳᠡᠭ ᠡᠭᠦᠯᠳᠡᠷ ᠢ ᠬᠠᠮᠠᠭᠠᠯᠠᠨ ᠦᠷᠡᠵᠢᠭᠦᠯᠵᠦ᠂ ᠰᠢᠯᠢᠳᠡᠭ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠳᠠ ᠶᠢ ᠤᠯᠠᠮ ᠴᠢᠩᠭᠠᠳᠬᠠᠬᠤ ᠪᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号