ᠰᠠᠭᠠᠭ ᠲᠤ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ᠲᠤᠬᠠᠢ ᠵᠢᠯᠤᠭᠤᠳᠬᠤ ᠰᠠᠨᠠᠯ
ᠨᠡᠶᠢᠲᠡᠯᠡᠭᠰᠡᠨ ᠴᠠᠭ᠄
2023/6/11
    ᠨᠢᠭᠡ᠂ ᠪᠣᠷᠳᠣᠭᠤᠷ ᠣᠷᠣᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠪᠠ ᠪᠣᠷᠳᠣᠭᠤᠷ ᠣᠷᠣᠭᠤᠯᠬᠤ ᠵᠠᠷᠴᠢᠮ ᠰᠠᠭᠠᠭ ᠲᠤ ᠣᠷᠭᠠᠨᠢᠭ ᠪᠣᠷᠳᠣᠭᠤᠷ ᠢ ᠭᠡᠷᠡᠭᠯᠡᠭᠰᠡᠨ ᠨᠢ ᠳᠤᠳᠠᠮᠠᠭ᠂ ᠴᠢᠨᠠᠭᠰᠢᠯᠠᠪᠠᠯ ᠣᠷᠭᠠᠨᠢᠭ ᠪᠣᠷᠳᠣᠭᠤᠷ ᠢ ᠬᠡᠷᠡᠭᠯᠡᠬᠦ ᠦᠭᠡᠢ᠂ ᠠᠽᠣᠲ ᠪᠣᠷᠳᠣᠭᠤᠷ ᠢ ᠶᠡᠭᠡ ᠬᠡᠮᠵᠢᠶ᠎ᠡ ᠪᠠᠷ ᠬᠡᠷᠡᠭᠯᠡᠬᠦ᠂ ᠺᠠᠯᠢ ᠶᠢᠨ ᠪᠣᠷᠳᠣᠭᠤᠷ ᠢ ᠦᠨᠳᠦᠰᠦᠨ ᠳᠤ ᠪᠠᠨ ᠬᠡᠷᠡᠭᠯᠡᠬᠦ ᠦᠭᠡᠢ ᠵᠡᠷᠭᠡ ᠭᠤᠣᠯ ᠠᠰᠠᠭᠤᠳᠠᠯ ᠳᠤ ᠴᠢᠭᠯᠡᠭᠦᠯᠦᠨ᠂ ᠶᠡᠷᠦᠩᠬᠡᠢ ᠳᠤ ᠨᠢ ᠪᠣᠷᠳᠣᠭᠤᠷ ᠣᠷᠣᠭᠤᠯᠬᠤ ᠲᠠᠯ᠎ᠠ ᠪᠠᠷ ᠳᠣᠣᠷᠠᠬᠢ ᠵᠠᠷᠴᠢᠮ ᠤᠳ ᠢ ᠳᠤᠷᠠᠳᠪᠠ᠄ 1. ᠰᠠᠭᠤᠷᠢ ᠪᠣᠷᠳᠣᠭᠤᠷ ᠣᠷᠣᠭᠤᠯᠬᠤ ᠬᠠᠷᠢᠴᠠᠯ ᠢ ᠨᠡᠮᠡᠭᠳᠡᠭᠦᠯᠵᠦ᠂ ᠮᠦ ᠪᠦᠷᠢ ᠳᠤ 1000~2000 ᠺᠢᠯᠣᠭ᠍ᠷᠠᠮ ᠣᠷᠣᠭᠤᠯᠪᠠᠯ ᠵᠣᠬᠢᠨ᠎ᠠ︔ 2. ᠬᠥᠷᠥᠰᠥ ᠰᠢᠷᠣᠢ ᠶᠢᠨ ᠥᠩ ᠰᠢᠮ᠎ᠡ ᠶᠢᠨ ᠨᠥᠬᠦᠴᠡᠯ ᠢ ᠦᠨᠳᠦᠰᠦᠯᠡᠨ᠂ ᠠᠽᠣᠲ ᠪᠣᠷᠳᠣᠭᠤᠷ ᠬᠡᠷᠡᠭᠯᠡᠬᠦ ᠬᠡᠮᠵᠢᠶ᠎ᠡ ᠶᠢ ᠵᠣᠬᠢᠰᠲᠠᠢ ᠪᠠᠷ ᠲᠣᠬᠢᠷᠠᠭᠤᠯᠤᠨ ᠪᠠᠭᠠᠰᠬᠠᠵᠤ᠂ ᠺᠠᠯᠢ ᠪᠣᠷᠳᠣᠭᠤᠷ ᠣᠷᠣᠭᠤᠯᠤᠨ᠎ᠠ᠃   ᠬᠤᠶᠠᠷ᠂ ᠪᠣᠷᠳᠣᠭᠤᠷ ᠣᠷᠣᠭᠤᠯᠬᠤ ᠰᠠᠨᠠᠭᠤᠯᠭ᠎ᠠ ︵ᠳᠣᠣᠷ᠎ᠠ ᠳᠤᠷᠠᠳᠤᠭᠰᠠᠨ ᠪᠣᠷᠳᠣᠭᠤᠷ ᠣᠷᠣᠭᠤᠯᠬᠤ ᠬᠡᠮᠵᠢᠶ᠎ᠡ ᠶᠢ ᠴᠥᠮ ᠴᠡᠪᠡᠷ ᠬᠡᠮᠵᠢᠶ᠎ᠡ ᠪᠠᠷ ᠪᠠᠶᠢᠯᠭᠠᠬᠤ ᠪᠠᠷ ᠰᠠᠨᠠᠭᠤᠯᠤᠶ᠎ᠠ︶ 1. ᠮᠦ ᠪᠦᠷᠢ ᠳᠤ 100~150 ᠺᠢᠯᠣᠭ᠍ᠷᠠᠮ ᠤᠨᠠᠯᠳᠠ ᠲᠠᠢ ᠰᠠᠭᠠᠭ ᠤᠨ ᠳᠠᠷᠢᠶᠠᠨ ᠭᠠᠵᠠᠷ ᠲᠤ᠂ ᠠᠽᠣᠲ ᠪᠣᠷᠳᠣᠭᠤᠷ ︵N︶ 4~7 ᠺᠢᠯᠣᠭ᠍ᠷᠠᠮ᠂ ᠹᠣᠰᠹᠣᠷ ᠪᠣᠷᠳᠣᠭᠤᠷ ︵P2O5︶ 1~5 ᠺᠢᠯᠣᠭ᠍ᠷᠠᠮ᠂ ᠺᠠᠯᠢ ᠪᠣᠷᠳᠣᠭᠤᠷ ︵K2O︶ 1~3 ᠺᠢᠯᠣᠭ᠍ᠷᠠᠮ ᠭᠡᠷᠡᠭᠯᠡᠵᠦ ᠪᠤᠯᠤᠨ᠎ᠠ᠃ 2. ᠰᠠᠭᠠᠭ ᠤᠨ ᠤᠨᠠᠯᠳᠠ ᠨᠢ ᠬᠡᠷᠪᠡ ᠮᠦ ᠪᠦᠷᠢ ᠳᠤ 150 ᠺᠢᠯᠣᠭ᠍ᠷᠠᠮ ᠠᠴᠠ ᠳᠡᠭᠡᠭᠰᠢ ᠪᠠᠶᠢᠪᠠᠯ ᠠᠽᠣᠲ ᠪᠣᠷᠳᠣᠭᠤᠷ ︵N︶ 7~10 ᠺᠢᠯᠣᠭ᠍ᠷᠠᠮ᠂ ᠹᠣᠰᠹᠣᠷ ᠪᠣᠷᠳᠣᠭᠤᠷ ︵P2O5︶ 5~7 ᠺᠢᠯᠣᠭ᠍ᠷᠠᠮ᠂ ᠺᠠᠯᠢ ᠶᠢᠨ ᠪᠣᠷᠳᠣᠭᠤᠷ ︵K2O︶ 3~4 ᠺᠢᠯᠣᠭ᠍ᠷᠠᠮ ᠭᠡᠷᠡᠭᠯᠡᠵᠦ ᠪᠤᠯᠤᠨ᠎ᠠ᠃ ᠴᠡᠪᠡᠷ ᠬᠡᠮᠵᠢᠶ᠎ᠡ ᠶᠢ ᠰᠣᠯᠢᠵᠤ ᠪᠤᠳᠤᠬᠤ ᠠᠷᠭ᠎ᠠ ᠶᠢ ᠡᠷᠳᠡᠨᠢ ᠰᠢᠰᠢ ᠶᠢᠨ ᠪᠣᠷᠳᠣᠭᠤᠷ ᠣᠷᠣᠭᠤᠯᠬᠤ ᠬᠡᠮᠵᠢᠶ᠎ᠡ ᠶᠢ ᠰᠣᠯᠢᠵᠤ ᠪᠤᠳᠤᠬᠤ ᠠᠷᠭ᠎ᠠ ᠪᠠᠷ ᠯᠠᠪᠯᠠᠯᠲᠠ ᠪᠣᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号