ᠰᠢᠯᠢ ᠶᠢᠨ ᠭᠤᠣᠯ ᠠᠶᠢᠮᠠᠭ ᠤᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠥᠬᠦ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2023/6/2
  2023 ᠣᠨ ᠳᠤ᠂ ᠰᠢᠯᠢ ᠶᠢᠨ ᠭᠤᠣᠯ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ᠮᠢᠩᠭᠠᠨ ᠭᠠᠵᠠᠷ ᠤᠨ ᠦᠵᠡᠮᠵᠢ ᠶᠢᠨ ᠵᠠᠮ︾ ᠤᠨ ᠪᠥᠬᠦ ᠣᠷᠣᠨ ᠬᠡᠪᠴᠢᠶᠡᠨ ᠤ ᠵᠢᠭᠤᠯᠴᠢᠯᠠᠯ ᠤᠨ ᠠᠵᠤ ᠦᠢᠯᠡᠰ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠦᠴᠦᠨ ᠢ ᠨᠢᠭᠲᠠᠷᠠᠭᠤᠯᠵᠤ᠂ ᠰᠢᠯᠢ ᠶᠢᠨ ᠭᠤᠣᠯ ᠠᠶᠢᠮᠠᠭ ᠤᠨ ᠭᠤᠣᠯᠯᠠᠬᠤ ᠥᠷᠢᠰᠦᠯᠳᠦᠬᠦ ᠬᠦᠴᠦᠨ ᠲᠠᠢ᠂ ᠨᠥᠯᠥᠭᠡᠯᠡᠬᠦ ᠬᠦᠴᠦᠨ ᠲᠠᠢ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠢᠳᠡᠪᠬᠢᠲᠡᠢ ᠪᠠᠷ ᠪᠣᠶ ᠪᠣᠯᠭᠠᠵᠤ ᠪᠠᠶᠢᠨ᠎ᠠ᠃
   ᠨᠢᠭᠡ ᠳᠤ᠂ ᠲᠥᠰᠥᠪ ᠤᠨ ᠪᠠᠶᠢᠷᠢᠯᠠᠭᠤᠯᠤᠯᠲᠠ ᠪᠠᠨ
ᠨᠠᠷᠢᠯᠢᠭᠵᠢᠭᠤᠯᠤᠨ᠂ ᠲᠥᠰᠥᠪ ᠤᠨ ᠭᠦᠢᠴᠡᠳᠬᠡᠯ ᠢᠶᠠᠨ ᠴᠢᠩᠭᠠᠳᠬᠠᠵᠤ ᠪᠠᠶᠢᠨ᠎ᠠ᠃ ᠠᠶᠢᠮᠠᠭ ᠤᠨ ᠱᠠᠲᠤᠨ ᠤ ᠡᠳ᠋ ᠤᠨ ᠵᠠᠰᠠᠭ ᠠᠴᠠ 2 ᠵᠢᠯ ᠳᠠᠷᠠᠭᠠᠯᠠᠨ ᠠᠶᠢᠮᠠᠭ ᠤᠨ ᠱᠠᠲᠤᠨ ᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠲᠤᠰᠬᠠᠢ ᠵᠦᠢᠯ ᠤᠨ ᠪᠡᠯᠡ ᠮᠥᠩᠭᠦ ᠶᠢ 1 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠰᠢᠯᠢ ᠶᠢᠨ ᠭᠤᠣᠯ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠤᠬᠠᠭᠤᠯᠤᠨ ᠳᠡᠯᠭᠡᠷᠡᠭᠦᠯᠬᠦ᠂ ᠰᠢᠯᠢ ᠶᠢᠨ ᠬᠤᠳᠠ ᠶᠢᠨ ᠲᠤᠯᠤᠨᠨᠠᠭᠤᠷ ᠵᠡᠷᠭᠡ ᠭᠠᠵᠠᠷ ᠤᠨ ᠭᠤᠣᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠳᠤ ᠭᠤᠣᠯᠳᠠᠯᠭ᠎ᠠ ᠲᠠᠢ ᠬᠡᠷᠡᠭᠯᠡᠵᠦ ᠪᠠᠶᠢᠨ᠎ᠠ᠃
   ᠬᠤᠶᠠᠷ ᠲᠤ᠂ ᠴᠢᠷᠮᠠᠶᠢᠬᠤ ᠡᠷᠴᠢᠮ ᠢᠶᠠᠨ
ᠴᠢᠩᠭᠠᠷᠠᠭᠤᠯᠤᠨ᠂ ᠪᠡᠯᠡ ᠲᠣᠬᠢᠷᠠᠭᠤᠯᠬᠤ ᠠᠷᠭ᠎ᠠ ᠵᠠᠮ ᠢᠶᠠᠨ ᠥᠷᠬᠡᠳᠬᠡᠵᠦ ᠪᠠᠶᠢᠨ᠎ᠠ᠃ ᠰᠢᠯᠢ ᠶᠢᠨ ᠭᠤᠣᠯ ᠠᠶᠢᠮᠠᠭ ᠤᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠲᠠᠢ ᠬᠤᠯᠪᠤᠭᠠᠯᠠᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠵᠢᠭᠤᠯᠴᠢᠯᠠᠯ ᠤᠨ ᠲᠥᠷᠥᠯ ᠵᠦᠢᠯ ᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠦᠭᠡᠳ᠂ ᠵᠢᠭᠤᠯᠴᠢᠯᠠᠯ ᠤᠨ ᠬᠥᠭᠵᠢᠯᠲᠡ ᠶᠢᠨ ᠪᠡᠯᠡ ᠮᠥᠩᠭᠦ ᠶᠢ ᠴᠢᠷᠮᠠᠶᠢᠨ ᠣᠯᠵᠠᠢ᠃ ᠣᠳᠣ ᠪᠣᠯᠲᠠᠯ᠎ᠠ᠂ ᠳᠡᠭᠡᠳᠦ ᠱᠠᠲᠤᠨ ᠤ ᠵᠢᠭᠤᠯᠴᠢᠯᠠᠯ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠨᠡᠶᠢᠲᠡ 1300 ᠲᠦᠮᠡᠨ ᠲᠥᠭᠦᠷᠢᠭ ᠴᠢᠷᠮᠠᠶᠢᠨ ᠣᠯᠣᠭᠠᠳ᠂ ᠰᠢᠯᠢ ᠶᠢᠨ ᠬᠤᠲᠠ ᠶᠢᠨ ᠳᠠᠭᠠᠭᠠᠴᠢᠯᠠᠨ ᠡᠷᠬᠢᠯᠡᠬᠦ 33 ᠳ᠋ᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠨᠠᠭᠠᠳᠤᠮ᠂ ᠲᠤᠯᠤᠨᠨᠠᠭᠤᠷ ᠤᠨ ᠦᠵᠡᠮᠵᠢ ᠶᠢᠨ ᠣᠷᠣᠨ ᠤ ᠳᠤᠲᠠᠭᠤᠳᠠᠯ ᠢ ᠨᠥᠬᠦᠪᠦᠷᠢᠯᠡᠬᠦ ᠵᠢᠴᠢ ᠤᠯᠠᠭᠠᠢ ᠶᠢᠨ ᠶᠢᠰᠦᠨ ᠲᠣᠬᠤᠢ ᠶᠢ ᠡᠭᠦᠳᠦᠨ ᠪᠠᠶᠢᠭᠤᠯᠬᠤ ᠢᠨᠵᠧᠨᠧᠷᠢᠩ ᠳᠤ ᠲᠤᠰᠬᠠᠢ ᠬᠡᠷᠡᠭᠯᠡᠵᠦ ᠪᠠᠶᠢᠨ᠎ᠠ᠃
   ᠭᠤᠷᠪᠠ ᠳᠤ᠂ ᠤᠯᠤᠰ ᠤᠨ ᠥᠮᠴᠢᠯᠡᠯᠲᠦ ᠠᠵᠤ
ᠠᠬᠤᠶᠢᠯᠠᠯ ᠤᠨ ᠪᠡᠶᠡᠴᠢ ᠴᠣᠭᠴᠠ ᠶᠢ ᠪᠤᠶᠢᠵᠢᠭᠤᠯᠤᠨ᠂ ᠦᠢᠯᠡᠴᠢᠯᠡᠭᠡᠨ ᠤ ᠲᠣᠭᠲᠠᠯᠴᠠᠭ᠎ᠠ ᠪᠠᠨ ᠰᠢᠯᠢᠳᠡᠭᠵᠢᠭᠦᠯᠵᠦ ᠪᠠᠶᠢᠨ᠎ᠠ᠃ ᠰᠢᠯᠢ ᠶᠢᠨ ᠭᠤᠣᠯ ᠠᠶᠢᠮᠠᠭ ᠤᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠨᠥᠯᠥᠭᠡᠯᠡᠬᠦ ᠬᠦᠴᠦᠨ ᠳᠤ ᠲᠦᠰᠢᠭᠯᠡᠨ᠂ ᠠᠶᠢᠮᠠᠭ ᠤᠨ ᠵᠢᠭᠤᠯᠴᠢᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠡᠨᠡ ᠵᠢᠯ ᠠᠶᠢᠮᠠᠭ ᠤᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠳᠤ ᠨᠡᠶᠢᠲᠡ 730 ᠲᠦᠮᠡᠨ ᠲᠥᠭᠦᠷᠢᠭ ᠰᠠᠯᠭᠠᠨ ᠥᠭᠴᠦ᠂ ᠮᠠᠰᠢᠨ ᠲᠡᠷᠭᠡᠨ ᠤ ᠨᠠᠭᠠᠳᠤᠮ᠂ ᠠᠶ᠎ᠠ ᠳᠠᠭᠤᠤ ᠲᠠᠢ ᠠᠮᠲᠠᠲᠤ ᠢᠳᠡᠭᠡᠨ ᠤ ᠨᠠᠶᠢᠷ ᠵᠡᠷᠭᠡ ᠠᠵᠢᠯᠯᠠᠭ᠎ᠠ ᠳᠤ ᠭᠤᠣᠯᠳᠠᠯᠭ᠎ᠠ ᠲᠠᠢ ᠬᠡᠷᠡᠭᠯᠡᠵᠦ ᠪᠠᠶᠢᠨ᠎ᠠ᠃
   ᠳᠥᠷᠪᠡ ᠳᠤ᠂ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠂ ᠨᠠᠷᠠᠲᠤ ᠲᠡᠮᠳᠡᠭ ᠤᠨ ᠨᠥᠯᠥᠭᠡ ᠪᠠᠨ
ᠥᠷᠭᠡᠳᠬᠡᠵᠦ ᠪᠠᠶᠢᠨ᠎ᠠ᠃ ᠰᠢᠯᠢ ᠶᠢᠨ ᠭᠤᠣᠯ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠵᠢᠭᠤᠯᠴᠢᠯᠠᠯ ᠤᠨ ᠤᠬᠠᠭᠤᠯᠤᠨ ᠳᠡᠯᠭᠡᠷᠡᠭᠦᠯᠬᠦ ᠵᠢᠴᠢ ᠬᠤᠳᠠᠯᠳᠤᠭᠠᠴᠢᠨ ᠤᠷᠢᠬᠤ ᠠᠵᠢᠯ ᠤᠨ ᠪᠡᠯᠡ ᠮᠥᠩᠭᠦ ᠶᠢ ᠳᠣᠬᠢᠷᠠᠭᠤᠯᠤᠨ᠂ ᠵᠢᠭᠤᠯᠴᠢᠯᠠᠯ ᠤᠨ ᠰᠠᠯᠠᠭ᠎ᠠ ᠮᠥᠴᠢᠷ ᠤᠨ ᠡᠯ᠎ᠡ ᠲᠥᠷᠥᠯ ᠤᠨ ᠤᠬᠠᠭᠤᠯᠭ᠎ᠠ ᠶᠢᠨ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠬᠦ ᠶᠢ ᠳᠡᠮᠵᠢᠵᠦ᠂ ᠵᠠᠰᠠᠭ ᠤᠨ ᠣᠷᠳᠣᠨ᠂ ᠠᠵᠢᠯ ᠲᠥᠷᠥᠯ᠂ ᠵᠠᠭᠤᠴᠢᠯᠠᠭᠤᠷ᠂ ᠣᠯᠠᠨ ᠨᠡᠶᠢᠲᠡ ᠵᠡᠷᠭᠡ ᠶᠢᠨ ᠬᠠᠮᠲᠤ ᠪᠠᠷ ᠣᠷᠣᠯᠴᠠᠭᠰᠠᠨ ᠪᠦᠬᠦᠯᠢ ᠴᠣᠭᠴᠠ ᠶᠢᠨ ᠡᠵᠡᠩᠨᠡᠨ ᠪᠣᠷᠣᠯᠠᠭᠤᠯᠬᠤ ᠲᠣᠭᠲᠠᠴᠠ ᠶᠢ ᠪᠠᠶᠢᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠤᠶᠠᠯᠳᠤᠭᠰᠠᠨ᠂ ᠬᠥᠨᠳᠡᠯᠡᠨ ᠢᠶᠠᠷ ᠬᠤᠯᠪᠤᠭᠠᠯᠠᠨ ᠬᠥᠳᠡᠯᠦᠯᠴᠡᠭᠰᠡᠨ᠂ ᠣᠯᠠᠨ ᠲᠠᠯ᠎ᠠ ᠶᠢᠨ ᠬᠢᠨ ᠣᠷᠣᠯᠴᠠᠭᠰᠠᠨ ᠪᠥᠬᠦ ᠣᠷᠣᠨ ᠬᠡᠪᠴᠢᠶᠡᠨ ᠤ ᠵᠢᠭᠤᠯᠴᠢᠯᠠᠯ ᠤᠨ ᠡᠵᠡᠩᠨᠡᠨ ᠪᠣᠷᠣᠯᠠᠭᠤᠯᠬᠤ ᠪᠠᠶᠢᠷᠢᠰᠢᠯ ᠢ ᠪᠣᠶ ᠪᠣᠯᠭᠠᠵᠤ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号