ᠬᠤᠷᠠᠭᠠᠨ ᠤ ᠠᠷᠠᠴᠢᠯᠠᠭ᠎ᠠ ᠲᠤᠳᠤᠮᠳᠤᠯᠭ᠎ᠠ
ᠨᠡᠶᠢᠲᠡᠯᠡᠭᠰᠡᠨ ᠴᠠᠭ᠄
2023/6/8
    ᠬᠤᠷᠠᠭᠠᠨ ᠤ ᠡᠷᠲᠡᠬᠡᠨ ᠤᠭᠤᠷᠠᠭ ᠣᠯᠵᠤ ᠤᠤᠭᠤᠬᠤ ᠶᠢ ᠪᠠᠲᠤᠯᠠᠬᠤ ᠬᠡᠷᠡᠭᠲᠡᠢ᠃ ᠰᠤᠳᠤᠯᠭᠠᠨ ᠢ ᠦᠨᠳᠦᠰᠦᠯᠡᠪᠡᠯ᠂ ᠰᠠᠶ᠋ᠢ ᠲᠦᠯᠯᠡᠭᠰᠡᠨ ᠬᠤᠷᠠᠭ᠎ᠠ ᠢᠰᠢᠭᠡᠨ ᠤ ᠠᠨᠲ᠋ᠢᠪᠤᠳᠢ ᠶᠢ ᠪᠦᠷᠢᠨ ᠰᠢᠩᠭᠡᠭᠡᠬᠦ ᠶᠢᠨ ᠬᠠᠷᠢᠴᠠᠯ ᠨᠢ 42% ᠣᠷᠴᠢᠮ ᠪᠠᠶᠢᠵᠤ᠂ 24h ᠤᠨ ᠳᠠᠷᠠᠭ᠎ᠠ ᠪᠦᠷᠢᠨ ᠪᠦᠲᠦᠨ ᠠᠨᠲ᠋ᠢᠪᠤᠳᠢ ᠶᠢ ᠰᠢᠩᠭᠡᠭᠡᠬᠦ ᠶᠢᠨ ᠠᠷᠭ᠎ᠠ ᠦᠭᠡᠢ ᠪᠤᠯᠳᠠᠭ᠃ ᠡᠶᠢᠮᠦ ᠠᠴᠠ ᠬᠤᠷᠠᠭ᠎ᠠ ᠶᠢ ᠲᠦᠯᠯᠡᠭᠰᠡᠨ ᠤ ᠳᠠᠷᠠᠭ᠎ᠠ 1h ᠶᠢᠨ ᠳᠣᠲᠣᠷ᠎ᠠ ᠤᠭᠤᠷᠠᠭ ᠰᠦ ᠭᠦᠢᠴᠡᠳ ᠢᠳᠡᠭᠦᠯᠵᠦ᠂ ᠡᠨᠧᠷᠭᠢ ᠶᠢ ᠨᠡᠮᠡᠭᠳᠡᠭᠦᠯᠦᠨ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ᠲᠦᠯᠯᠡᠭᠰᠡᠨ ᠤ 7d ᠠᠴᠠ ᠡᠬᠢᠯᠡᠨ ᠵᠠᠳᠠᠭᠠᠢ ᠪᠤᠷᠳᠤᠭ᠎ᠠ ᠢᠳᠡᠬᠦ ᠶᠢ ᠰᠤᠷᠭᠠᠵᠤ᠂ ᠬᠤᠳᠣᠭᠤᠳᠤᠨ ᠤ ᠲᠦᠷᠭᠡᠨ ᠪᠤᠶᠢᠵᠢᠯᠲᠠ ᠳᠤ ᠰᠡᠳᠦᠯᠲᠡ ᠥᠭᠭᠦᠨ᠎ᠡ᠃

   20 ᠡᠳᠦᠷ ᠪᠣᠯᠤᠭᠰᠠᠨ ᠤ ᠳᠠᠷᠠᠭ᠎ᠠ ᠵᠣᠬᠢᠬᠤ ᠬᠡᠮᠵᠢᠶᠡᠨ ᠤ ᠨᠠᠷᠢᠯᠢᠭ ᠪᠣᠷᠳᠤᠭ᠎ᠠ ᠨᠥᠬᠦᠵᠦ ᠢᠳᠡᠭᠦᠯᠦᠨ᠎ᠡ᠃

ᠨᠠᠷᠢᠯᠢᠭ ᠪᠣᠷᠳᠣᠭᠠᠨ ᠤ ᠰᠢᠮ᠎ᠡ ᠲᠡᠵᠢᠭᠡᠯ ᠢ ᠪᠦᠬᠦ ᠲᠠᠯ᠎ᠠ ᠶᠢᠨ᠂ ᠰᠢᠩᠭᠡᠭᠡᠬᠦ ᠳᠤ ᠠᠮᠠᠷᠬᠠᠨ᠂ ᠬᠡᠮᠵᠢᠶ᠎ᠡ ᠪᠠᠭ᠎ᠠ᠂ ᠥᠭᠬᠦ

ᠲᠤᠭ᠎ᠠ ᠶᠢ ᠨᠡᠮᠡᠭᠳᠡᠭᠦᠯᠦᠨ᠂ ᠪᠣᠷᠳᠤᠭ᠎ᠠ ᠦᠯᠡᠳᠡᠭᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠨᠣᠭᠤᠭᠠᠨ

ᠪᠣᠷᠳᠤᠭ᠎ᠠ ᠲᠡᠵᠢᠭᠡᠬᠦ ᠳᠡᠭᠡᠨ ᠬᠡᠷᠴᠢᠬᠦ ᠶᠢᠨ ᠬᠠᠮᠲᠤ ᠨᠠᠷᠢᠯᠢᠭ ᠪᠣᠷᠳᠤᠭ᠎ᠠ ᠲᠠᠢ ᠬᠤᠯᠢᠵᠤ ᠲᠡᠵᠢᠭᠡᠨ᠎ᠡ᠃ ᠲᠡᠵᠢᠭᠡᠯ

ᠨᠥᠬᠦᠬᠦ ᠬᠤᠭᠤᠴᠠᠭᠠᠨ ᠳᠤ ᠴᠡᠪᠡᠷ ᠤᠰᠤ ᠬᠠᠩᠭᠠᠵᠤ᠂ ᠬᠠᠰᠢᠶ᠎ᠠ ᠪᠠᠨ ᠦᠷᠭᠦᠯᠵᠢ ᠠᠷᠢᠭᠤᠳᠬᠠᠵᠤ᠂ ᠬᠤᠨᠢᠨ ᠤ

ᠴᠢᠴᠠᠭ᠎ᠠ ᠳᠡᠯᠭᠡᠷᠡᠬᠦ ᠠᠴᠠ ᠵᠠᠶᠢᠯᠠᠰᠬᠢᠬᠦ ᠬᠡᠷᠡᠭᠲᠡᠢ᠃

   ᠰᠦ ᠠᠴᠠ ᠪᠠᠨ ᠰᠠᠯᠤᠭᠰᠠᠨ ᠤ ᠳᠠᠷᠠᠭ᠎ᠠ ᠬᠤᠷᠠᠭᠠᠨ ᠳᠤ ᠨᠠᠷᠢᠯᠢᠭ ᠪᠣᠷᠳᠤᠭ᠎ᠠ ᠨᠥᠬᠦᠵᠦ ᠲᠡᠵᠢᠭᠡᠨ᠎ᠡ᠂ ᠡᠳᠦᠷ

ᠪᠦᠷᠢ ᠨᠠᠷᠢᠯᠢᠭ ᠪᠣᠷᠳᠤᠭ᠎ᠠ ᠶᠢ 0.2~0.5kg ᠢᠳᠡᠭᠦᠯᠦᠨ᠎ᠡ᠂ ᠬᠤᠴᠠᠨ ᠤ ᠥᠰᠦᠯᠲᠡ ᠶᠢᠨ ᠬᠤᠷᠳᠤᠴᠠ ᠨᠢ

ᠡᠮ᠎ᠡ ᠬᠤᠨᠢᠨ ᠤ ᠬᠢ ᠠᠴᠠ ᠬᠤᠷᠳᠤᠨ ᠤᠴᠢᠷ ᠠᠴᠠ ᠨᠠᠷᠢᠯᠢᠭ ᠪᠣᠷᠳᠤᠭ᠎ᠠ ᠶᠢ ᠢᠯᠡᠭᠦᠦ ᠰᠢᠭ ᠢᠳᠡᠭᠦᠯᠦᠨ᠎ᠡ᠃

ᠪᠦᠳᠦᠭᠦᠯᠢᠭ ᠪᠣᠷᠳᠣᠭᠠᠨ ᠳᠤ ᠣᠨᠴᠠᠭᠠᠶᠢᠯᠠᠨ ᠴᠢᠨᠠᠷ ᠰᠠᠶᠢᠲᠠᠢ ᠬᠠᠭᠤᠷᠠᠢ ᠡᠪᠡᠰᠦ᠂ ᠳᠠᠷᠤᠰᠢᠭᠤᠯᠤᠭᠰᠠᠨ

ᠪᠣᠷᠳᠤᠭ᠎ᠠ ᠶᠢ ᠬᠡᠷᠡᠭᠯᠡᠪᠡᠯ ᠰᠠᠶᠢᠨ᠃ ᠬᠤᠴᠠ ᠶᠢ ᠪᠤᠶᠢᠵᠢᠭᠤᠯᠬᠤ ᠳᠤ ᠪᠠᠰᠠ ᠬᠥᠳᠡᠯᠭᠡᠭᠡᠨ ᠢ ᠴᠢᠩᠭᠠᠳᠬᠠᠬᠤ ᠬᠡᠷᠡᠭᠲᠡᠢ

᠂ ᠥᠰᠦᠨ ᠪᠤᠶᠢᠵᠢᠬᠤ ᠳᠤ ᠠᠰᠢᠭᠲᠠᠢ᠂ ᠡᠪᠡᠰᠦᠨ ᠤ ᠬᠡᠪᠡᠯᠢ ᠪᠠ ᠮᠠᠭᠤ ᠰᠢᠨᠤᠯ ᠡᠭᠦᠰᠬᠦ ᠠᠴᠠ ᠰᠡᠷᠭᠡᠶᠢᠯᠡᠬᠦ ᠬᠡᠷᠡᠭᠲᠡᠢ

᠃ ᠡᠭᠦᠨ ᠠᠴᠠ ᠭᠠᠳᠠᠨ᠎ᠠ᠂ ᠬᠦᠢᠲᠡᠨ ᠢ ᠰᠡᠷᠭᠡᠶᠢᠯᠡᠨ ᠳᠤᠯᠠᠭᠠᠯᠠᠬᠤ ᠶᠢ ᠠᠩᠬᠠᠷᠴᠤ᠂ ᠥᠰᠦᠯᠲᠡ ᠪᠤᠶᠢᠵᠢᠯᠲᠠ

ᠬᠠᠷᠰᠢᠯᠠᠭᠳᠠᠵᠤ᠂ ᠦᠢᠯᠡᠳᠪᠦᠷᠢᠯᠡᠯ ᠤᠨ ᠴᠢᠳᠠᠪᠤᠷᠢ ᠶᠢ ᠨᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ᠃

 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号