2023 ᠣᠨ ᠤ ᠬᠠᠪᠤᠷ᠂ ᠪᠥᠬᠦ ᠤᠯᠤᠰ ᠤᠨ ᠳᠤᠮᠳᠠᠴᠢ ᠠᠭᠠᠷ ᠤᠨ ᠳᠤᠯᠠᠭᠠᠨ ᠶᠡᠷᠦᠩᠬᠡᠢ ᠳᠡᠭᠡᠨ ᠥᠨᠳᠥᠷ | ᠪᠠᠶᠢᠵᠤ᠂ ᠲᠡᠦᠬᠡ ᠶᠢ ᠠᠳᠠᠯᠢ ᠬᠤᠭᠤᠴᠠᠭᠠᠨ ᠤ ᠳᠣᠯᠣᠳᠤᠭᠠᠷ ᠥᠨᠳᠥᠷ ᠬᠡᠮᠵᠢᠶᠡᠨ ᠳᠤ ᠬᠦᠷᠴᠡᠢ᠂ ᠭᠡᠪᠡᠴᠦ | ᠤᠯᠠᠷᠢᠯ ᠤᠨ ᠳᠣᠲᠣᠷᠠᠬᠢ ᠠᠭᠠᠷ ᠤᠨ ᠳᠤᠯᠠᠭᠠᠨ ᠤ ᠬᠡᠯᠪᠡᠯᠵᠡᠯᠲᠡ ᠨᠢ ᠢᠯᠡᠷᠬᠡᠢ ᠪᠤᠯᠪᠠ᠃ ᠪᠦᠬᠦ ᠤᠯᠤᠰ ᠤᠨ ᠬᠤᠷ᠎ᠠ | ᠲᠤᠨᠳᠠᠰᠤ ᠶᠢᠨ ᠬᠡᠮᠵᠢᠶ᠎ᠡ ᠶᠡᠷᠦᠩᠬᠡᠢ ᠳᠡᠭᠡᠨ ᠪᠠᠭ᠎ᠠ ᠪᠠᠶᠢᠵᠤ᠂ 2012 ᠣᠨ ᠠᠴᠠ ᠨᠠᠭᠠᠰᠢᠬᠢ ᠬᠤᠷ᠎ᠠ | ᠲᠤᠨᠳᠠᠰᠤ ᠪᠠᠷ ᠬᠠᠮᠤᠭ ᠤᠨ ᠪᠠᠭ᠎ᠠ ᠬᠠᠪᠤᠷ ᠤᠨ ᠤᠯᠠᠷᠢᠯ ᠪᠤᠯᠵᠠᠢ᠂ ᠣᠷᠣᠨ ᠵᠠᠢ ᠶᠢᠨ ᠵᠥᠷᠢᠶ᠎ᠡ ᠶᠡᠭᠡ ᠪᠠᠶᠢᠵᠦ᠂ | ᠤᠮᠠᠷᠠᠲᠤ ᠣᠷᠣᠨ ᠪᠣᠯᠣᠨ ᠪᠠᠷᠠᠭᠤᠨ ᠬᠤᠶᠢᠲᠤ ᠣᠷᠣᠨ ᠤ ᠵᠡᠭᠦᠨ ᠬᠡᠰᠡᠭ ᠤᠨ ᠬᠤᠷ᠎ᠠ ᠲᠤᠨᠳᠠᠰᠤ ᠠᠷᠪᠢᠨ᠂ | ᠪᠠᠷᠠᠭᠤᠨ ᠡᠮᠦᠨᠡᠲᠦ ᠣᠷᠣᠨ᠂ ᠡᠮᠦᠨᠡᠲᠦ ᠣᠷᠣᠨ᠂ ᠵᠡᠭᠦᠨ ᠬᠤᠶᠢᠲᠤ ᠣᠷᠣᠨ ᠤ ᠬᠤᠷ᠎ᠠ ᠲᠤᠨᠳᠠᠰᠤ ᠪᠠᠭᠠᠰᠴᠠᠢ᠃ | ᠪᠥᠬᠦ ᠤᠯᠤᠰ ᠤᠨ ᠨᠡᠶᠢᠳᠡ 184 ᠤᠯᠤᠰ ᠤᠨ ᠴᠠᠭ ᠠᠭᠤᠷ ᠤᠨ ᠥᠷᠲᠡᠭᠡ ᠶᠢ ᠡᠳᠦᠷ ᠤᠨ ᠬᠠᠮᠤᠭ ᠤᠨ ᠥᠨᠳᠥᠷ | ᠠᠭᠠᠷ ᠤᠨ ᠳᠤᠯᠠᠭᠠᠨ ᠨᠢ ᠳᠦᠢᠯ ᠤᠨ ᠪᠠᠷᠢᠮᠵᠢᠶ᠎ᠠ ᠳᠤ ᠬᠦᠷᠴᠦ᠂ ᠡᠭᠦᠨ ᠳᠤ 77 ᠥᠷᠲᠡᠭᠡ ᠨᠢ ᠲᠡᠦᠬᠡ ᠶᠢ | ᠲᠦᠢᠯ ᠤᠨ ᠦᠨᠳᠦᠷ ᠬᠡᠮᠵᠢᠭᠳᠡᠯ ᠳᠤ ᠭᠦᠷᠦᠭᠰᠡᠨ ᠪᠤᠶᠤ ᠲᠡᠭᠦᠨ ᠠᠴᠠ ᠳᠠᠪᠠᠭᠰᠠᠨ ᠪᠠᠶᠢᠨ᠎ᠠ᠃ 31 ᠦᠷᠳᠡᠭᠡ ᠶᠢ | ᠡᠳᠦᠷ ᠤᠨ ᠲᠤᠨᠳᠠᠰᠤᠨ ᠤ ᠬᠡᠮᠵᠢᠶ᠎ᠡ ᠬᠠᠪᠤᠷ ᠤᠨ ᠤᠯᠠᠷᠢᠯ ᠤᠨ ᠲᠡᠦᠬᠡ ᠶᠢ ᠲᠦᠢᠯ ᠤᠨ ᠶᠡᠭᠡ ᠬᠡᠮᠵᠢᠭᠳᠡᠯ ᠢ ᠳᠠᠪᠠᠵᠤ᠂ | ᠹᠦᠵᠢᠶᠠᠨ ᠤ ᠱᠤᠤ ᠦ᠋ ᠵᠡᠷᠭᠡ 3 ᠦᠷᠳᠡᠭᠡ ᠳᠤ ᠲᠡᠦᠬᠡ ᠶᠢ ᠲᠦᠢᠯ ᠤᠨ ᠶᠡᠭᠡ ᠬᠡᠮᠵᠢᠭᠳᠡᠯ ᠢ ᠳᠠᠪᠠᠵᠠᠢ᠃ ᠡᠮᠦᠨᠡᠲᠦ | ᠣᠷᠣᠨ ᠦᠶᠡᠷ ᠤᠨ ᠬᠤᠭᠤᠴᠠᠭᠠᠨ ᠳᠤ ᠣᠷᠣᠭᠰᠠᠨ ᠪᠠ ᠡᠮᠦᠨᠡᠲᠦ ᠲᠠᠩᠭᠢᠰ ᠤᠨ ᠵᠣᠨ ᠤ ᠤᠯᠠᠷᠢᠯ ᠤᠨ ᠰᠠᠯᠬᠢᠨ ᠤ | ᠬᠤᠭᠤᠴᠠᠭᠠᠨ ᠳᠤ ᠤᠷᠤᠭᠰᠠᠨ ᠨᠢ ᠬᠠᠷᠢᠴᠠᠩᠭᠤᠢ ᠡᠷᠳᠡᠳᠡᠪᠡ᠃ ᠦᠨᠦ ᠬᠠᠪᠤᠷ᠂ ᠮᠠᠨ ᠤ ᠤᠯᠤᠰ ᠲᠤ ᠨᠡᠶᠢᠳᠡ 10 | ᠤᠳᠠᠭ᠎ᠠ ᠰᠢᠷᠦᠭᠦᠨ ᠪᠣᠷᠣᠭᠠᠨ ᠣᠷᠣᠪᠠ᠃ ᠡᠨᠡ ᠵᠢᠯ ᠠᠴᠠ ᠨᠠᠭᠠᠰᠢ ᠶᠦᠨᠨᠠᠨ ᠳᠤ ᠡᠪᠦᠯ ᠬᠠᠪᠤᠷ ᠵᠠᠯᠭᠠᠭ᠎ᠠ ᠪᠠᠷ | ᠬᠦᠨᠳᠦ ᠨᠣᠴᠢᠲᠠᠢ ᠭᠠᠩᠳᠠᠵᠤ᠂ ᠬᠠᠪᠤᠷ ᠤᠨ ᠲᠠᠷᠢᠶᠠᠯᠠᠭ᠎ᠠ ᠶᠢ ᠲᠠᠷᠢᠮᠠᠯ ᠤᠨ ᠤᠷᠭᠤᠯᠲᠠ ᠳᠤ ᠠᠰᠢᠭ ᠦᠭᠡᠢ ᠪᠣᠯᠵᠠᠢ᠃ | ᠨᠡᠶᠢᠳᠡ 12 ᠤᠳᠠᠭᠠᠨ ᠤ ᠰᠣᠯᠢᠭ ᠤᠷᠤᠰᠬᠠᠯ ᠤᠨ ᠴᠠᠭ ᠠᠭᠤᠷ ᠢᠯᠡᠷᠡᠵᠦ᠂ ᠬᠡᠰᠡᠭ ᠭᠠᠵᠠᠷ ᠲᠤ ᠲᠦᠢᠯ ᠤᠨ | ᠴᠢᠩᠭ᠎ᠠ ᠪᠠᠶᠢᠪᠠ᠃ 13 ᠤᠳᠠᠭᠠᠨ ᠤ ᠡᠯᠡᠰᠦᠨ ᠰᠢᠭᠤᠷᠭ᠎ᠠ ᠶᠢ ᠴᠠᠭ ᠠᠭᠤᠷ ᠮᠠᠨ ᠤ ᠤᠯᠤᠰ ᠢ ᠨᠦᠯᠦᠭᠡᠯᠡᠵᠣ᠂ | 2000 — 2022 ᠣᠨ ᠤ ᠠᠳᠠᠯᠢ ᠬᠤᠭᠤᠴᠠᠭᠠᠨ ᠤ ᠬᠢ ᠠᠴᠠ ᠢᠯᠡᠭᠦᠦ ᠪᠤᠯᠵᠠᠢ᠃ ᠣᠶᠢᠷ᠎ᠠ ᠳᠤ᠂ | ᠤᠯᠤᠰ ᠤᠨ ᠴᠠᠭ ᠠᠭᠤᠷ ᠤᠨ ᠲᠥᠪ ᠠᠴᠠ ᠬᠤᠯᠪᠣᠭᠳᠠᠯ ᠪᠦᠬᠦᠢ ᠨᠢᠭᠡᠴᠢ ᠶᠢ ᠵᠣᠬᠢᠶᠠᠨ ᠪᠠᠶᠢᠭᠤᠯᠵᠤ᠂ ᠡᠨᠡ ᠵᠣᠨ ᠤ | ᠠᠭᠤᠷ ᠠᠮᠢᠰᠬᠤᠯ ᠤᠨ ᠬᠠᠨᠳᠤᠰᠢ ᠶᠢ ᠲᠤᠬᠠᠢ ᠵᠢᠱᠢᠨ ᠵᠥᠪᠳᠡᠯᠴᠡᠭᠡᠳ ᠳᠣᠣᠷᠠᠬᠢ ᠮᠡᠲᠦ ᠰᠠᠨᠠᠯ ᠭᠠᠷᠭᠠᠪᠠ᠄ | ᠵᠢᠱᠢᠯᠲᠡ ᠪᠠᠷ ᠡᠨᠡ ᠵᠢᠯ ᠤᠨ ᠵᠣᠨ ᠤ ᠤᠯᠠᠷᠢᠯ ︵6 ᠰᠠᠷ᠎ᠠ ᠠᠴᠠ 8 ᠰᠠᠷ᠎ᠠ ᠪᠣᠯᠲᠠᠯ᠎ᠠ︶ ᠮᠠᠨ ᠤ ᠤᠯᠤᠰ ᠤᠨ | ᠬᠤᠷ᠎ᠠ ᠲᠤᠨᠳᠠᠰᠤ ᠡᠮᠦᠨ᠎ᠡ ᠤᠮᠠᠷ᠎ᠠ ᠶᠢ ᠬᠤᠶᠠᠷ ᠵᠤᠷᠪᠤᠰ ᠲᠤ ᠣᠯᠠᠨ ᠪᠦᠰᠡ ᠪᠠᠷ ᠢᠯᠡᠷᠡᠵᠦ᠂ ᠬᠠᠷᠠᠮᠥ᠋ᠷᠡᠨ ᠤ ᠵᠡᠭᠦᠨ | ᠬᠡᠰᠡᠭ᠂ ᠵᠧᠵᠢᠶᠠᠩ ᠤᠨ ᠡᠮᠦᠨᠡᠲᠦ ᠬᠡᠰᠡᠭ᠂ ᠹᠦᠵᠢᠶᠠᠨ᠂ ᠵᠢᠶᠠᠩᠰᠢ ᠶᠢ ᠡᠮᠦᠨᠡᠲᠦ ᠬᠡᠰᠡᠭ᠂ ᠭᠤᠸᠠᠩᠳᠦ᠋ᠩ᠂ | ᠭᠤᠸᠠᠩᠰᠢ ᠶᠢ ᠵᠡᠭᠦᠨ ᠬᠡᠰᠡᠭ᠂ ᠬᠠᠶᠢᠨᠠᠨ᠂ ᠶᠦᠨᠨᠠᠨ ᠤ ᠳᠤᠮᠳᠠ ᠪᠠᠷᠠᠭᠤᠨ ᠬᠡᠰᠡᠭ ᠵᠡᠷᠭᠡ ᠭᠠᠵᠠᠷ ᠤᠨ ᠬᠤᠷ᠎ᠠ | ᠲᠤᠨᠳᠠᠰᠤ ᠨᠢ 2~5 ᠬᠤᠪᠢ ᠢᠯᠡᠭᠦᠦ ᠪᠠᠶᠢᠵᠤ᠂ ᠬᠡᠰᠡᠭ ᠭᠠᠵᠠᠷ ᠲᠤ ᠲᠦᠢᠯ ᠤᠨ ᠴᠢᠨᠠᠷᠲᠠᠢ ᠬᠤᠷ᠎ᠠ ᠲᠤᠨᠳᠠᠰᠤ | ᠪᠠᠭᠤᠬᠤ ᠪᠣᠯᠣᠮᠵᠢ ᠨᠡᠯᠢᠶᠡᠳ ᠦᠨᠳᠦᠷ ᠮᠠᠭᠠᠳᠯᠠᠯ ᠲᠠᠢ᠃ ᠬᠥᠬᠡᠮᠦ᠋ᠷᠡᠨ ᠤ ᠳᠤᠮᠳᠠᠳᠤ ᠤᠷᠤᠰᠬᠠᠯ ᠤᠨ ᠬᠤᠷ᠎ᠠ | ᠲᠤᠨᠳᠠᠰᠤ 2~5 ᠬᠤᠪᠢ ᠪᠠᠭᠠᠰᠤᠨ᠎ᠠ᠃ ᠪᠠᠷᠠᠭᠤᠨ ᠡᠮᠦᠨᠡᠲᠦ ᠣᠷᠣᠨ ᠤ ᠵᠡᠭᠦᠨ ᠬᠡᠰᠡᠭ ᠵᠢᠴᠢ ᠳᠤᠮᠳᠠᠳᠤ | ᠣᠷᠣᠨ ᠤ ᠳᠤᠮᠳᠠ ᠬᠡᠰᠡᠭ ᠲᠤ ᠣᠷᠣᠨ ᠪᠦᠰᠡ ᠶᠢ ᠴᠢᠨᠠᠷᠲᠠᠢ ᠴᠠᠭ ᠠᠭᠤᠷ ᠤᠨ ᠭᠠᠩ ᠬᠠᠭᠰᠠᠷᠠᠭᠠᠨ ᠭᠠᠷᠴᠤ | ᠮᠡᠳᠡᠨ᠎ᠡ᠃ ᠪᠠᠷᠠᠭᠤᠨ ᠡᠮᠦᠨᠡᠲᠦ ᠣᠷᠣᠨ ᠤ ᠡᠮᠦᠨᠡᠲᠦ ᠬᠡᠰᠡᠭ ᠵᠡᠷᠭᠡ ᠭᠠᠵᠠᠷ ᠲᠤ ᠠᠭᠤᠯᠠ ᠶᠢ ᠦᠶᠡᠷ ᠭᠠᠮᠰᠢᠭ | ᠡᠬᠦᠰᠬᠦ ᠪᠤᠯᠤᠮᠵᠢ ᠦᠨᠳᠦᠷ᠃ ᠵᠣᠨ ᠤ ᠤᠯᠠᠷᠢᠯ ᠳᠤ ᠪᠥᠬᠦ ᠤᠯᠤᠰ ᠤᠨ ᠶᠡᠬᠡᠩᠬᠢ ᠭᠠᠵᠠᠷ ᠣᠷᠣᠨ ᠤ ᠠᠭᠠᠷ ᠤᠨ | ᠳᠤᠯᠠᠭᠠᠨ ᠨᠢ ᠡᠩ ᠤᠨ ᠵᠢᠯ ᠤᠨ ᠠᠳᠠᠯᠢ ᠬᠤᠭᠤᠴᠠᠭ᠎ᠠ ᠠᠴᠠ ᠥᠨᠳᠥᠷ ᠪᠣᠯᠵᠤ᠂ ᠵᠡᠬᠦᠨ ᠤᠷᠤᠨ᠂ ᠳᠤᠮᠳᠠᠳᠤ | ᠣᠷᠣᠨ᠂ ᠰᠢᠨᠵᠢᠶᠠᠩ ᠵᠡᠷᠭᠡ ᠭᠠᠵᠠᠷ ᠤᠨ ᠶᠡᠭᠡ ᠬᠠᠯᠠᠭᠤᠨ ︵ᠡᠳᠦᠷ ᠤᠨ ᠬᠠᠮᠤᠭ ᠤᠨ ᠥᠨᠳᠥᠷ ᠠᠭᠠᠷ ᠤᠨ | ᠳᠤᠯᠠᠭᠠᠨ ᠨᠢ 35℃︶ ᠡᠳᠦᠷ ᠤᠨ ᠲᠤᠭ᠎ᠠ ᠨᠢ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠢᠯᠡᠭᠦᠦ | ᠪᠠᠶᠢᠵᠤ᠂ ᠱᠠᠲᠤ ᠦᠶ᠎ᠡ ᠶᠢ ᠴᠢᠨᠠᠷᠲᠠᠢ ᠥᠨᠳᠥᠷ ᠳᠤᠯᠠᠭᠠᠨ ᠡᠬᠦᠰᠬᠦ ᠪᠤᠯᠤᠮᠵᠢ ᠲᠠᠢ᠃ ᠵᠣᠨ ᠤ ᠤᠯᠠᠷᠢᠯ ᠳᠤ | ᠨᠣᠮᠣᠬᠠᠨ ᠲᠡᠯᠡᠶ ᠶᠢᠨ ᠪᠠᠷᠠᠭᠤᠨ ᠬᠤᠶᠢᠲᠤ ᠪᠠ ᠡᠮᠦᠨᠡᠲᠦ ᠲᠠᠩᠭᠢᠰ ᠲᠤ ᠪᠣᠶ ᠪᠣᠯᠤᠭᠰᠠᠨ ᠬᠠᠯᠠᠭᠤᠨ ᠪᠦᠰᠡᠨ ᠤ | ᠬᠤᠶᠢᠯᠠᠷᠠᠭ᠎ᠠ ᠶᠢ ᠲᠤᠭ᠎ᠠ ᠨᠢ ᠡᠩ ᠤᠨ ᠵᠢᠯ ᠳᠤ ᠣᠶᠢᠷᠠᠳᠴᠣ᠂ ᠮᠠᠨ ᠤ ᠤᠯᠤᠰ ᠲᠤ ᠭᠠᠷᠬᠤ ᠬᠠᠯᠠᠭᠤᠨ ᠪᠦᠰᠡᠨ ᠤ | ᠬᠤᠶᠢᠯᠠᠷᠠᠭ᠎ᠠ ᠶᠢ ᠲᠤᠭ᠎ᠠ ᠨᠢ ᠡᠩ ᠤᠨ ᠵᠢᠯ ᠲᠠᠢ ᠠᠳᠠᠯᠢᠪᠲᠤᠷ᠂ ᠬᠠᠯᠠᠭᠤᠨ ᠪᠦᠰᠡᠨ ᠤ ᠬᠤᠶᠢᠯᠠᠷᠠᠭ᠎ᠠ ᠶᠢ | ᠬᠥᠳᠡᠯᠭᠡᠭᠡᠨ ᠤ ᠵᠠᠮ ᠨᠢ ᠭᠤᠤᠯᠳᠠᠭᠤ ᠪᠠᠷᠠᠭᠤᠨᠰᠢ ᠪᠠ ᠪᠠᠷᠠᠭᠤᠨ ᠬᠤᠶᠢᠰᠢ ᠪᠠᠶᠢᠵᠤ᠂ ᠭᠤᠣᠯᠳᠠᠭᠤ ᠮᠠᠨ ᠤ | ᠤᠯᠤᠰ ᠤᠨ ᠡᠮᠦᠨᠡᠲᠦ ᠣᠷᠣᠨ ᠪᠠ ᠲᠡᠯᠡᠶ ᠳᠠᠭᠠᠤ ᠣᠷᠣᠨ ᠢ ᠨᠦᠯᠦᠭᠡᠯᠡᠨ᠎ᠡ᠃ |