ᠲᠣᠭᠠᠴᠢᠯᠠᠭᠰᠠᠨ ᠡᠪᠡᠰᠦ ᠪᠡᠯᠴᠢᠭᠡᠷ ᠤᠨ ᠦᠢᠯᠡᠰ ᠤᠨ ᠦᠢᠯᠡᠴᠢᠯᠡᠭᠡᠨ ᠤ ᠲᠠᠪᠴᠠᠩ ᠠᠰᠢᠬᠯᠠᠯᠳᠠ ᠳᠤ ᠤᠷᠤᠯ᠎ᠠ
ᠨᠡᠶᠢᠲᠡᠯᠡᠭᠰᠡᠨ ᠴᠠᠭ᠄
2023/7/6
   ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠡᠪᠡᠰᠦ ᠪᠣᠷᠳᠤᠭ᠎ᠠ ᠶᠢ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠬᠤᠷᠠᠯ ᠳᠤ᠂ ᠼᠤᠤ ᠲᠤ ᠡᠬᠦᠯᠡᠨ ᠳᠠᠪᠴᠠᠩ ᠵᠢᠴᠢ ᠲᠣᠭᠠᠴᠢᠯᠠᠭᠰᠠᠨ ᠡᠪᠡᠰᠦ ᠪᠡᠯᠴᠢᠭᠡᠷ ᠤᠨ ᠦᠢᠯᠡᠰ ᠤᠨ ᠦᠢᠯᠡᠴᠢᠯᠡᠭᠡᠨ ᠤ ᠲᠠᠪᠴᠠᠩ ᠠᠰᠢᠭᠯᠠᠯᠳᠠ ᠳᠤ ᠤᠷᠤᠪᠠ᠃    ᠼᠤᠤ ᠲᠤ ᠡᠬᠦᠯᠡᠨ ᠳᠠᠪᠴᠠᠩ ᠵᠢᠴᠢ ᠲᠣᠭᠠᠴᠢᠯᠠᠭᠰᠠᠨ ᠡᠪᠡᠰᠦ ᠪᠡᠯᠴᠢᠭᠡᠷ ᠤᠨ ᠦᠢᠯᠡᠰ ᠤᠨ ᠦᠢᠯᠡᠴᠢᠯᠡᠭᠡᠨ ᠤ ᠲᠠᠪᠴᠠᠩ ᠢ ᠥᠪᠥᠷ ᠮᠣᠩᠭᠤᠯ ᠤᠨ ᠼᠤᠤ ᠲᠤ ᠡᠪᠡᠰᠦ ᠪᠡᠯᠴᠢᠭᠡᠷ ᠮᠠᠯ ᠠᠵᠤ ᠠᠬᠤᠢ ᠶᠢᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠴᠠ ᠪᠦᠲᠦᠭᠡᠨ ᠪᠠᠶᠢᠭᠤᠯᠵᠤ᠂ ᠲᠣᠮᠣ ᠳ᠋ᠠᠶᠢᠲ᠋ᠠ ᠪᠠᠷ ᠭᠤᠣᠯ ᠪᠣᠯᠭᠠᠨ᠂ ᠶᠡᠭᠡ ᠬᠡᠮᠵᠢᠶᠡᠨ ᠤ ᠡᠪᠡᠰᠦᠨ ᠤ ᠪᠦᠲᠦᠭᠡᠭᠳᠡᠬᠦᠨ ᠪᠠ ᠠᠮᠢᠳᠤ ᠮᠠᠯ ᠤᠨ ᠪᠡᠯᠡᠨ ᠪᠠᠷᠠᠭ᠎ᠠ ᠶᠢ ᠫᠠᠶᠢᠰᠠ ᠡᠯᠭᠦᠨ ᠠᠷᠠᠯᠵᠢᠶᠠᠯᠠᠬᠤ᠂ ᠦᠨ᠎ᠡ ᠬᠠᠶᠠᠯᠴᠠᠨ ᠠᠷᠠᠯᠵᠢᠶᠠᠯᠠᠬᠤ ᠪᠠᠷ ᠰᠠᠭᠤᠷᠢ ᠪᠣᠯᠭᠠᠵᠤ᠂ ᠡᠪᠡᠰᠦ ᠪᠡᠯᠴᠢᠭᠡᠷ ᠤᠨ ᠡᠬᠢ ᠪᠠᠶᠠᠯᠢᠭ ᠢ ᠡᠮᠬᠢᠯᠡᠬᠦ᠂ ᠪᠠᠶᠢᠴᠠᠭᠠᠨ ᠰᠢᠯᠭᠠᠵᠤ᠂ ᠬᠤᠷᠢᠶᠠᠨ ᠨᠥᠭᠡᠴᠡᠯᠡᠨ᠎ᠡ᠃ ᠠᠮᠢᠳᠤ ᠮᠠᠯ ᠤᠨ ᠬᠢᠵᠢᠭ ᠢ ᠪᠠᠶᠢᠴᠠᠭᠠᠬᠤ᠂ ᠨᠠᠶᠢᠳᠠᠨ ᠲᠡᠵᠢᠭᠡᠯᠭᠡᠬᠦ᠂ ᠨᠠᠶᠢᠳᠠᠨ ᠬᠤᠳᠠᠯᠳᠤᠭᠤᠯᠬᠤ ᠵᠡᠷᠭᠡ ᠥᠷᠲᠡᠭ ᠨᠡᠮᠡᠭᠳᠡᠯ ᠤᠨ ᠴᠢᠨᠠᠷᠲᠠᠢ ᠦᠢᠯᠡᠴᠢᠯᠡᠭᠡ ᠬᠠᠨᠭ᠍ᠭᠠᠵᠤ᠂ ᠪᠥᠬᠦ ᠤᠯᠤᠰ ᠤᠨ ᠮᠠᠯ ᠪᠡᠯᠴᠢᠭᠡᠷ ᠤᠨ ᠪᠡᠯᠡᠨ ᠪᠠᠷᠠᠭᠠᠨ ᠤ ᠠᠷᠠᠯᠵᠢᠶ᠎ᠠ ᠶᠢ ᠲᠥᠪ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠥᠪ᠂ ᠳ᠋ᠦᠩᠨᠡᠨ ᠪᠤᠳᠤᠬᠤ ᠲᠥᠪ᠂ ᠦᠨ᠎ᠡ ᠲᠣᠭᠲᠠᠭᠠᠬᠤ ᠲᠥᠪ ᠵᠢᠴᠢ ᠬᠠᠩᠭᠠᠯᠭ᠎ᠠ ᠶᠢ ᠬᠡᠯᠬᠢᠶᠡᠰᠦ ᠶᠢ ᠦᠢᠯᠡᠴᠢᠯᠡᠭᠡᠨ ᠤ ᠲᠥᠪ ᠢ ᠴᠢᠷᠮᠠᠶᠢᠨ ᠪᠠᠶᠢᠭᠤᠯᠤᠨ᠎ᠠ᠃ ᠵᠢᠱᠢᠯᠲᠡ ᠪᠠᠷ 2023 ᠣᠨ ᠳᠤ ᠲᠠᠪᠴᠠᠩ ᠳᠤ ᠳᠠᠩᠰᠠᠯᠠᠭᠤᠯᠤᠭᠰᠠᠨ ᠭᠡᠰᠢᠭᠦᠨ 30000 ᠬᠥᠮᠥᠨ ᠪᠠᠶᠢᠵᠤ᠂ ᠡᠭᠦᠨ ᠳᠤ ᠠᠵᠤ ᠠᠬᠤᠶᠢᠯᠠᠯ ᠤᠨ ᠬᠡᠷᠡᠭᠯᠡᠭᠴᠢ 4000 ᠬᠦᠷᠦᠨ᠎ᠠ᠃ ᠵᠢᠱᠢᠯᠲᠡ ᠪᠠᠷ ᠡᠪᠡᠰᠦ ᠪᠣᠷᠳᠣᠭᠠᠨ ᠤ ᠪᠦᠲᠦᠭᠡᠭᠳᠡᠬᠦᠨ ᠤ ᠵᠢᠯ ᠤᠨ ᠠᠷᠠᠯᠵᠢᠶᠠᠨ ᠤ ᠬᠡᠮᠵᠢᠶ᠎ᠡ 20 ᠲᠦᠮᠡ ᠭᠠᠷᠤᠢ ᠲᠣᠨ ᠳᠤ ᠬᠦᠷᠴᠦ᠂ ᠠᠷᠠᠯᠵᠢᠶᠠᠨ ᠤ ᠬᠡᠮᠵᠢᠶ᠎ᠡ 4 ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠣᠮᠵᠢ ᠲᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号