ᠲᠦᠷᠦᠭᠦᠤ ᠲᠤᠯᠤᠭᠠᠨ ᠰᠠᠷ᠎ᠠ ᠳᠤ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ ᠲᠡᠦᠬᠡ ᠶᠢᠨ ᠠᠳᠠᠯᠢ ᠬᠤᠭᠤᠴᠠᠭᠠᠨ ᠳᠤ ᠠᠩᠬ᠎ᠠ ᠤᠳᠠᠭ᠎ᠠ ᠮᠢᠩᠭᠠᠨ ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2023/8/24
   ᠬᠥᠬᠡᠬᠤᠲᠠ ᠪᠣᠭᠤᠮᠲᠠ ᠶᠢᠨ ᠲᠤᠭ᠎ᠠ ᠪᠦᠷᠢᠳᠬᠡᠯ ᠢ ᠦᠨᠳᠦᠰᠦᠯᠡᠪᠡᠯ᠂ ᠲᠦᠷᠦᠭᠦᠦ 7 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠳᠡᠭ 1050.8 ᠳ᠋ᠦᠩᠰᠢᠭᠤᠷ ᠲᠥᠭᠦᠷᠢᠭ ᠲᠤ ᠬᠦᠷᠴᠦ᠂ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠬᠡᠪᠴᠢᠶ᠎ᠡ ᠲᠡᠦᠬᠡ ᠶᠢᠨ ᠠᠳᠠᠯᠢ ᠬᠤᠭᠤᠴᠠᠭᠠᠨ ᠳᠤ ᠠᠩᠬ᠎ᠠ ᠤᠳᠠᠭ᠎ᠠ 1000 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 29.8% ᠨᠡᠮᠡᠭᠳᠡᠵᠦ᠂ ᠪᠦᠬᠦ ᠤᠯᠤᠰ ᠤᠨ ᠭᠠᠳᠠᠭᠠᠳᠤ ᠠᠷᠠᠯᠵᠢᠶᠠᠨ ᠤ ᠪᠦᠬᠦ᠋ᠢᠯᠡ ᠨᠡᠮᠡᠭᠳᠡᠯ ᠤᠨ ᠬᠤᠷᠳᠤᠴᠠ ᠠᠴᠠ 29.4 ᠵᠠᠭᠤᠨ ᠤ ᠴᠡᠭ ᠥᠨᠳᠥᠷ ᠪᠣᠯᠵᠠᠢ᠃ ᠡᠭᠦᠨ ᠳᠤ᠂ ᠭᠠᠳᠠᠭᠠᠳᠤ ᠭᠠᠷᠭᠠᠯᠲᠠ 409.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.3% ᠪᠠᠷ ᠨᠡᠮᠡᠭᠳᠡᠪᠡ︔ ᠭᠠᠳᠠᠭᠠᠳᠤ ᠣᠷᠣᠭᠤᠯᠤᠯᠲᠠ 641.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 38.3% ᠪᠠᠷ ᠨᠡᠮᠡᠭᠳᠡᠪᠡ᠃ ᠣᠶᠢᠯᠠᠭᠠᠭᠰᠠᠨ ᠢᠶᠠᠷ᠂ ᠲᠦᠷᠦᠭᠦᠤ 7 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠷᠲᠡᠭ 791.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 44.7% ᠨᠡᠮᠡᠭᠳᠡᠨ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ ᠤᠨ 75.3% ᠶᠢ ᠡᠵᠡᠯᠡᠵᠦ᠂ ᠬᠤᠪᠢ ᠶᠢᠨ ᠵᠢᠩ ᠨᠢ 7.8 ᠵᠠᠭᠤᠨ ᠤ ᠴᠡᠭ ᠳᠡᠭᠡᠭᠰᠢᠯᠡᠵᠡᠢ᠃ ᠠᠳᠠᠯᠢ ᠬᠤᠭᠤᠴᠠᠭᠠᠨ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ 190.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.5% ᠪᠠᠭᠤᠷᠠᠪᠠ︔ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ 65.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.4% ᠨᠡᠮᠡᠭᠳᠡᠪᠡ᠃ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 718 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 48.5% ᠨᠡᠮᠡᠭᠳᠡᠨ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ ᠤᠨ 68.3% ᠶᠢ ᠡᠵᠡᠯᠡᠪᠡ᠃ ᠡᠭᠦᠨ ᠠᠴᠠ ᠭᠠᠳᠠᠨ᠎ᠠ᠂ ᠲᠦᠷᠦᠭᠦᠤ 7 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠮᠠᠰᠢᠨ ᠴᠠᠬᠢᠯᠭᠠᠨ ᠤ ᠦᠢᠯᠡᠳᠬᠦᠨ᠂ ᠲᠠᠷᠢᠶᠠᠯᠠᠩ ᠤᠨ ᠪᠦᠲᠦᠭᠡᠭᠳᠡᠬᠦᠨ᠂ ᠪᠣᠯᠣᠳ ᠮᠠᠲ᠋ᠧᠷᠢᠶᠠᠯ ᠵᠡᠷᠭᠡ ᠤᠯᠠᠮᠵᠢᠯᠠᠯᠲᠤ ᠭᠤᠣᠯᠳᠠᠯᠭ᠎ᠠ ᠲᠠᠢ ᠲᠠᠸᠠᠷ ᠤᠨ ᠭᠠᠳᠠᠭᠠᠳᠤ ᠭᠠᠷᠭᠠᠯᠲᠠ ᠢᠯᠡᠳᠲᠡ ᠨᠡᠮᠡᠭᠳᠡᠵᠦ᠂ ᠭᠠᠳᠠᠭᠠᠳᠤ ᠭᠠᠷᠭᠠᠯᠲᠠ ᠶᠢᠨ ᠥᠷᠲᠡᠭ ᠨᠢ ᠲᠣᠰ ᠲᠣᠰ 148 ᠳ᠋ᠦᠩᠰᠢᠭᠤᠷ᠂ 47.2 ᠳ᠋ᠦᠩᠰᠢᠭᠤᠷ ᠪᠠ 45.9 ᠳ᠋ᠦᠩᠰᠢᠭᠤᠷ ᠲᠥᠭᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 143.5%᠂ 22.3% ᠪᠠ 7.3% ᠨᠡᠮᠡᠭᠳᠡᠵᠡᠢ᠃ ᠠᠭᠤᠷᠬᠠᠢ ᠶᠢᠨ ᠡᠨᠧᠷᠭᠢ ᠶᠢᠨ ᠦᠢᠯᠡᠳᠬᠦᠨ ᠨᠢ ᠭᠠᠳᠠᠭᠠᠳᠤ ᠣᠷᠣᠭᠤᠯᠤᠯᠲᠠ ᠶᠢᠨ ᠭᠤᠣᠯ ᠬᠦᠴᠦᠨ ᠢᠶᠠᠨ ᠦᠷᠭᠦᠯᠵᠢᠯᠡᠨ ᠪᠠᠲᠤᠯᠠᠵᠤ᠂ ᠨᠡᠭᠦᠷᠡᠰᠦ᠂ ᠵᠡᠰ ᠤᠨ ᠬᠦᠳᠡᠷ ᠤᠨ ᠡᠯᠡᠰᠦ᠂ ᠲᠦᠭᠦᠬᠡᠢ ᠴᠢᠯᠠᠭᠤᠨ ᠲᠣᠰᠣᠨ ᠤ ᠭᠠᠳᠠᠭᠠᠳᠤ ᠠᠴᠠ ᠣᠷᠣᠭᠤᠯᠤᠭᠰᠠᠨ ᠥᠷᠲᠡᠭ ᠲᠣᠰ ᠲᠣᠰ 253.9 ᠳ᠋ᠦᠩᠰᠢᠭᠤᠷ᠂ 140.5 ᠳ᠋ᠦᠩᠰᠢᠭᠤᠷ ᠪᠠ 12.4 ᠳ᠋ᠦᠩᠰᠢᠭᠤᠷ ᠲᠥᠭᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 135%᠂ 32. 6% ᠪᠠ 35.5% ᠪᠠᠷ ᠨᠡᠮᠡᠭᠳᠡᠵᠡᠢ᠃ ᠬᠥᠬᠡᠬᠤᠲᠠ ᠪᠣᠭᠤᠮᠲᠠ ᠶᠢᠨ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠶᠡᠷᠦᠩᠬᠡᠢ ᠳᠤ ᠨᠢ ᠠᠪᠴᠤ ᠦᠵᠡᠪᠡᠯ᠂ ᠲᠦᠷᠦᠭᠦᠤ 7 ᠰᠠᠷ᠎ᠠ ᠳᠤ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠬᠡᠪᠴᠢᠶ᠎ᠡ ᠰᠢᠨ᠎ᠡ ᠰᠢᠪᠲᠤᠯᠤᠯᠲᠠ ᠲᠠᠢ ᠪᠣᠯᠵᠤ᠂ ᠪᠦᠲᠦᠴᠡ ᠨᠢ ᠦᠷᠭᠦᠯᠵᠢᠯᠡᠨ ᠰᠢᠯᠢᠳᠡᠭᠵᠢᠵᠦ᠂ ᠨᠡᠯᠢᠶᠡᠳ ᠴᠢᠩᠭ᠎ᠠ ᠤᠶᠠᠨ ᠬᠠᠲᠠᠨ ᠴᠢᠨᠠᠷ ᠢ ᠢᠯᠡᠷᠡᠭᠦᠯᠵᠦ᠂ ᠲᠣᠭᠲᠠᠭᠤᠨ ᠪᠠᠶᠢᠬᠤ ᠶᠢᠨ ᠵᠡᠷᠭᠡ ᠰᠠᠶᠢᠨ ᠰᠠᠶᠢᠬᠠᠨ ᠬᠠᠨᠳᠤᠰᠢ ᠶᠢ ᠪᠠᠲᠤᠯᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号