ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2023/8/26
   8 ᠰᠠᠷ᠎ᠠ ᠶᠢᠨ 24 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠠᠵᠢᠯ ᠢ ᠰᠤᠳᠤᠯᠵᠤ᠂ ᠬᠦᠷᠢᠶ᠎ᠡ ᠬᠡᠪᠴᠢᠶ᠎ᠡ ᠪᠠᠨ ᠤᠯᠠᠮ ᠥᠷᠭᠡᠳᠬᠡᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠡᠨᠡ ᠬᠦ ᠬᠡᠪᠴᠢᠶᠡᠨ ᠳᠤ ᠣᠷᠣᠭᠤᠯᠵᠤ᠂ ᠤᠯᠠᠨ ᠭᠤᠣᠯ ᠴᠣᠭᠴᠠ᠂ ᠤᠯᠠᠨ ᠠᠷᠭ᠎ᠠ ᠵᠠᠮ ᠢᠶᠠᠷ ᠪᠡᠯᠡ ᠮᠦᠩᠬᠦ ᠶᠢᠨ ᠢᠷᠡᠯᠲᠡ ᠶᠢ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠴᠥᠮ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠠᠪᠴᠤ᠂ ᠠᠷᠭ᠎ᠠ ᠪᠦᠬᠦᠨ ᠢ ᠰᠦᠪᠡᠭᠴᠢᠯᠡᠵᠦ ᠤᠯᠠᠨ ᠲᠦᠮᠡᠨ ᠤ ᠴᠠᠯᠢᠩ ᠤᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ 2.6 ᠲᠦᠮᠡᠨ ᠡᠷᠦᠬᠡ ᠶᠢᠨ ᠦᠳᠡᠯᠦᠭᠡ ᠨᠠᠰᠤᠨ ᠤ ᠬᠥᠮᠥᠰ ᠠᠴᠠ ᠲᠣᠬᠢᠷᠠᠬᠤ ᠪᠣᠯᠭᠠᠨ ᠳᠤᠨᠢ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠥᠭᠡᠷᠡᠴᠢᠯᠡᠯᠲᠡ ᠶᠢᠨ ᠶᠠᠰᠤ ᠴᠢᠨᠠᠷ ᠬᠢᠷᠢ ᠵᠡᠷᠭᠡ᠂ ᠦᠷ᠎ᠡ ᠪᠦᠲᠦᠮᠵᠢ ᠬᠢᠷᠢ ᠵᠡᠷᠭᠡ ᠪᠠᠶᠢᠬᠤ ᠲᠤᠬᠠᠢ ᠨᠠᠰᠤᠲᠠᠶᠢᠴᠤᠳ ᠤᠨ ᠰᠠᠨᠠᠯ ᠢ ᠢᠯᠡᠭᠦᠬᠡᠨ ᠰᠣᠨᠣᠰᠴᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠣᠳᠠᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ᠂ ᠨᠢᠭᠡ ᠳᠤ ᠨᠡᠩ ᠪᠣᠳᠠᠲᠠᠢ᠂ ᠨᠡᠩ ᠲᠣᠳᠣᠷᠬᠠᠢ ᠠᠷᠭ᠎ᠠ ᠬᠡᠮᠵᠢᠶ᠎ᠡ ᠠᠪᠴᠦ᠂ ᠣᠨ ᠤ ᠬᠠᠷᠠᠯᠲᠠ ᠨᠢ ᠶᠠᠭᠤ ᠪᠣᠯᠬᠤ᠂ ᠬᠡᠨ ᠬᠢᠬᠦ᠂ ᠶᠠᠭᠠᠬᠢᠵᠤ ᠬᠢᠬᠦ ᠶᠢ ᠪᠦᠷ ᠲᠣᠳᠣᠷᠬᠠᠢ ᠪᠣᠯᠭᠠᠬᠤ ᠬᠡᠷᠡᠭᠲᠡᠢ᠃ ᠬᠤᠶᠠᠷ ᠲᠤ ᠠᠯᠳᠠᠭᠳᠠᠯ ᠢᠶᠠᠨ ᠬᠤᠪᠢᠷᠠᠭᠤᠯᠬᠤ ᠡᠨᠡ ᠬᠦ ᠬᠠᠷᠠᠯᠲᠠ ᠶᠢ ᠠᠩᠬᠠᠷᠴᠤ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠲᠥᠷᠥᠯ ᠬᠤᠪᠢᠶᠠᠨ ᠬᠡᠷᠡᠭᠵᠢᠭᠦᠯᠬᠦ ᠬᠡᠷᠡᠭᠲᠡᠢ᠃ ᠭᠤᠷᠪᠠ ᠳᠤ ᠥᠭᠡᠷᠡᠴᠢᠯᠡᠯᠲᠡ ᠭᠡᠬᠦ ᠡᠨᠡᠬᠦ ᠭᠤᠣᠯᠳᠠᠯᠭ᠎ᠠ ᠶᠢ ᠠᠳᠬᠤᠵᠤ᠂ ᠱᠠᠨᠳᠦ᠋ᠩ ᠵᠡᠷᠭᠡ ᠭᠠᠵᠠᠷ ᠤᠨ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠣᠯᠢ ᠪᠣᠯᠭᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠵᠠᠬᠢᠳᠠᠯ ᠰᠣᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠤᠨ ᠠᠵᠢᠯ ᠢ ᠬᠡᠷᠡᠭᠵᠢᠭᠦᠯᠬᠦ ᠳᠤ᠂ ᠨᠢᠭᠡ ᠳᠤ ᠰᠠᠶᠢᠲᠤᠷ ︽ᠣᠷᠣᠯᠠᠨ︾ ᠬᠢᠵᠦ᠂ ᠫᠦᠵᠢᠶᠠᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠤᠳᠤᠷᠢᠳᠬᠤ ᠺᠠᠳ᠋ᠷ ᠲᠦᠷᠦᠭᠦᠯᠡᠨ ᠵᠠᠬᠢᠳᠠᠯ ᠰᠣᠷᠪᠤᠯᠵᠢᠯᠠᠯ ᠢ ᠬᠦᠯᠢᠶᠡᠨ ᠠᠪᠴᠤ ᠳᠣᠷᠣᠭᠰᠢ ᠪᠠᠭᠤᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠬᠤᠶᠠᠷ ᠲᠤ ᠰᠠᠶᠢᠲᠤᠷ ︽ᠭᠦᠢᠴᠡᠳᠬᠡᠵᠦ︾᠂ ᠤᠯᠠᠨ ᠲᠦᠮᠡᠨ ᠳᠤ ᠲᠠᠭᠠᠰᠢᠶᠠᠭᠳᠠᠬᠤ ᠪᠠᠷ ᠪᠠᠷᠢᠮᠵᠢᠶ᠎ᠠ ᠪᠣᠯᠭᠠᠵᠤ᠂ ᠡᠯ᠎ᠡ ᠲᠦᠷᠦᠯ ᠤᠨ ᠵᠠᠬᠢᠳᠠᠯ ᠰᠣᠷᠪᠤᠯᠵᠢᠯᠠᠯ ᠤᠨ ᠵᠦᠢᠯᠡᠰ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠨᠡᠭᠡᠭᠡᠨ ᠬᠥᠭᠵᠢᠭᠦᠯᠦᠯᠲᠡ ᠶᠢᠨ ᠣᠷᠣᠨ ᠢ ᠰᠢᠯᠢᠳᠡᠭᠵᠢᠭᠦᠯᠦᠨ ᠲᠣᠬᠢᠷᠠᠭᠤᠯᠬᠤ ᠠᠵᠢᠯ ᠢ ᠰᠤᠳᠤᠯᠵᠤ᠂ ︽ᠠᠷᠭᠠᠴᠠᠭᠠᠵᠤ ᠡᠪᠯᠡᠭᠦᠯᠦᠭᠡᠳ ᠪᠣᠯᠬᠤ ᠦᠭᠡᠢ᠂ ᠡᠷᠬᠡᠪᠰᠢ ᠦᠨᠳᠦᠰᠦᠨ ᠠᠴᠠ ᠨᠢ ᠰᠢᠢᠳᠪᠦᠷᠢᠯᠡᠬᠦ ᠬᠡᠷᠡᠭᠲᠡᠢ︾᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠤᠪᠤᠶᠢᠯᠭᠠᠨ᠂ ᠵᠠᠬ᠎ᠠ ᠳᠡᠯᠭᠡᠭᠦᠷᠴᠢᠯᠡᠬᠦ ᠠᠷᠭ᠎ᠠ ᠶᠢ ᠬᠡᠷᠡᠭᠯᠡᠵᠦ᠂ ᠬᠡᠪᠴᠢᠶ᠎ᠡ ᠪᠠᠷ ᠪᠠᠭ᠎ᠠ᠂ ᠮᠦ ᠳᠤᠮᠳᠠᠴᠢ ᠶᠢᠨ ᠦᠷ᠎ᠡ ᠠᠰᠢᠭ ᠢᠶᠠᠷ ᠳᠣᠣᠷ᠎ᠠ ᠪᠠᠶᠢᠬᠤ ᠵᠡᠷᠭᠡ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠪᠠᠶᠢᠭᠤᠯᠤᠮᠵᠢ ᠲᠣᠭᠲᠠᠴᠠ᠂ ᠡᠵᠡᠩᠨᠡᠯᠲᠡ ᠬᠠᠮᠢᠶᠠᠷᠤᠯᠲᠠ ᠵᠡᠷᠭᠡ ᠲᠠᠯ᠎ᠠ ᠶᠢᠨ ᠮᠥᠨ ᠴᠢᠨᠠᠷ ᠤᠨ ᠠᠰᠠᠭᠤᠳᠠᠯ ᠢ ᠴᠢᠬᠤᠯᠠᠴᠢᠯᠠᠨ ᠰᠢᠢᠳᠪᠦᠷᠢᠯᠡᠬᠦ ᠬᠡᠷᠡᠭᠲᠡᠢ᠃ ᠦᠷ᠎ᠡ ᠪᠦᠲᠦᠭᠡᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ︽ᠲᠠᠪᠤᠨ ᠶᠢ ᠲᠦᠢᠯᠪᠤᠷᠢᠲᠠᠢ ᠪᠠᠶᠢᠴᠠᠭᠠᠬᠤ︾ ᠦᠷ᠎ᠡ ᠪᠦᠲᠦᠭᠡᠯ ᠢ ᠰᠠᠶᠢᠲᠤᠷ ᠬᠡᠷᠡᠭᠯᠡᠵᠦ᠂ ᠡᠬᠢᠨ ᠤ ᠪᠠ ᠡᠴᠦᠰ ᠤᠨ ᠬᠡᠯᠬᠢᠶ᠎ᠡ᠂ ᠬᠡᠯᠬᠢᠶ᠎ᠡ ᠳᠠᠭᠠᠤ ᠶᠢᠨ ᠢᠵᠢ ᠪᠦᠷᠢᠳᠦᠭᠰᠡᠨ ᠠᠵᠤ ᠠᠬᠤᠶᠢᠯᠠᠯ ᠢ ᠲᠥᠪᠯᠡᠷᠡᠭᠦᠯᠦᠨ ᠴᠤᠭᠯᠠᠭᠤᠯᠵᠤ ᠪᠦᠯᠦᠭᠵᠢᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠠᠶᠤᠯᠭᠦᠢ ᠦᠢᠯᠡᠳᠪᠦᠷᠢᠯᠡᠯ ᠤᠨ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾  ᠶᠢᠨ ᠠᠵᠢᠯ ᠤᠨ ᠵᠢᠯᠤᠭᠤᠳᠬᠤ ᠳᠦᠷᠢᠮ ᠢ ᠰᠤᠳᠤᠯᠵᠤ᠂ ᠭᠤᠣᠯᠳᠠᠯᠭ᠎ᠠ ᠨᠢ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠠᠪᠤᠳᠠᠯ ᠪᠣᠯᠣᠨ᠎ᠠ᠂ ᠬᠡᠷᠡᠭᠵᠢᠭᠦᠯᠬᠦ ᠴᠢᠨᠠᠷ ᠢᠶᠠᠷ ᠴᠢᠩᠭ᠎ᠠ ᠪᠣᠳᠠᠲᠠᠢ ᠠᠷᠭ᠎ᠠ ᠬᠡᠮᠵᠢᠶ᠎ᠡ ᠪᠣᠯᠣᠨ ᠠᠵᠢᠯ ᠤᠨ ᠲᠣᠭᠲᠠᠴᠠ ᠶᠢ ᠲᠣᠭᠲᠠᠭᠠᠵᠤ᠂ ᠵᠠᠰᠠᠭ ᠤᠨ ᠣᠷᠳᠣᠨ ᠤ ᠰᠢᠰᠲ᠋ᠧᠮ ᠪᠣᠯᠣᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠵᠠᠮ ᠬᠠᠷᠢᠯᠴᠠᠭᠠᠨ ᠤ ᠲᠣᠣᠷ ᠤᠨ ᠲᠥᠯᠦᠪᠵᠢᠭᠦᠯᠭᠡ᠂ ᠮᠢᠬᠠᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号