ᠭᠠᠭ᠋ᠠᠢ ᠶᠢᠨ ᠬᠤᠯᠢᠮᠠᠭ ᠡᠳ᠋ ᠢ ᠬᠡᠷᠡᠭᠯᠡᠬᠦ ᠬᠡᠳᠦᠨ ᠲᠠᠰᠢᠶᠠᠷᠠᠯ
ᠨᠡᠶᠢᠲᠡᠯᠡᠭᠰᠡᠨ ᠴᠠᠭ᠄
2023/8/3
    1.ᠲᠠᠩ ᠭᠠᠭᠴᠠ ᠭᠠᠭ᠋ᠠᠢ ᠶᠢᠨ ᠪᠠᠭᠠᠰᠤᠨ ᠤ ᠥᠩᠭᠡ᠂ ᠬᠠᠲᠠᠭᠤ ᠵᠥᠭᠡᠯᠡᠨ ᠢᠶᠠᠷ ᠪᠣᠷᠳᠤᠭ᠎ᠠ ᠶᠢᠨ ︽ᠰᠠᠶᠢᠨ ᠮᠠᠭᠤ︾ ᠶᠢ ᠮᠠᠭᠠᠳᠯᠠᠬᠤ᠃ ᠭᠠᠭ᠋ᠠᠢ ᠶᠢᠨ ᠪᠠᠭᠠᠰᠤᠨ ᠤ ᠥᠩᠭᠡ ᠨᠢ ᠨᠡᠯᠢᠶᠡᠳ ᠭᠦᠨ ᠪᠠᠶᠢᠳᠠᠭ ᠨᠢ ᠭᠠᠭ᠋ᠠᠢ ᠶᠢᠨ ᠰᠢᠩᠭᠡᠭᠡᠯᠲᠡ ᠰᠠᠶᠢᠨ ᠭᠡᠰᠡᠨ ᠦᠭᠡ ᠪᠢᠰᠢ᠂ ᠨᠢᠭᠡ ᠵᠦᠢᠯ ᠤᠨ ᠵᠡᠰ ᠤᠨ ᠠᠭᠤᠯᠤᠭᠳᠠᠴᠠ ᠪᠠᠷ ᠨᠡᠯᠢᠶᠡᠳ ᠥᠨᠳᠥᠷ ᠪᠣᠷᠳᠤᠭ᠎ᠠ ᠠᠴᠠ ᠪᠣᠯᠤᠭᠰᠠᠨ ᠭᠠᠭ᠋ᠠᠢ ᠶᠢᠨ ᠪᠠᠭᠠᠰᠤᠨ ᠤ ᠥᠩᠭᠡ ᠨᠢ ᠶᠡᠷᠦ ᠳᠡᠭᠡᠨ ᠨᠡᠯᠢᠶᠡᠳ ᠬᠠᠷ᠎ᠠ ᠪᠠᠶᠢᠳᠠᠭ᠃ ᠲᠡᠵᠢᠭᠡᠯ ᠪᠣᠷᠳᠣᠭᠠᠨ ᠳᠤ ᠡᠷᠡᠭᠦᠯ ᠮᠡᠨᠳᠦ ᠶᠢ ᠬᠠᠮᠠᠭᠠᠯᠠᠬᠤ ᠡᠮ ᠡᠯᠪᠡᠭ ᠠᠭᠤᠯᠤᠭᠳᠠᠬᠤ ᠦᠶ᠎ᠡ ᠳᠤ᠂ ᠭᠠᠭ᠋ᠠᠢ ᠶᠢᠨ ᠪᠠᠭᠠᠰᠤᠨ ᠤ ᠥᠩᠭᠡ ᠨᠢ ᠵᠠᠷᠢᠮ ᠳᠠᠭᠠᠨ ᠭᠦᠢᠬᠡᠨ ᠪᠠᠶᠢᠳᠠᠭ᠃ ᠭᠠᠭ᠋ᠠᠢ ᠶᠢᠨ ᠰᠢᠩᠭᠡᠭᠡᠯᠲᠡ ᠶᠢᠨ ᠪᠠᠶᠢᠳᠠᠯ᠂ ᠬᠤᠯᠢᠮᠠᠭ ᠡᠳ᠋ ᠵᠢᠴᠢ ᠪᠤᠰᠤᠳ ᠲᠡᠵᠢᠭᠡᠯ ᠪᠣᠷᠳᠣᠭᠠᠨ ᠤ ᠲᠦᠭᠦᠬᠡᠢ ᠡᠳ᠋ ᠤᠨ ᠲᠥᠷᠥᠯ ᠵᠦᠢᠯ ᠵᠢᠴᠢ ᠲᠣᠬᠢᠷᠠᠭᠤᠯᠤᠯᠲᠠ ᠵᠡᠷᠭᠡ ᠨᠢ ᠴᠥᠮ ᠭᠠᠭ᠋ᠠᠢ ᠶᠢᠨ ᠪᠠᠭᠠᠰᠤᠨ ᠤ ᠥᠩᠭᠡ ᠪᠠ ᠬᠠᠲᠠᠭᠤ ᠵᠥᠭᠡᠯᠡᠨ ᠢ ᠨᠥᠯᠥᠭᠡᠯᠡᠳᠡᠭ᠃ ᠡᠩ ᠤᠨ ᠪᠠᠶᠢᠳᠠᠯ ᠳᠤ ᠪᠠᠭᠠᠰᠤ ᠰᠢᠭᠡᠰᠦ ᠨᠢ ᠬᠠᠭᠤᠷᠠᠢ ᠴᠤ ᠦᠭᠡᠢ᠂ ᠰᠢᠩᠭᠡᠨ ᠴᠦ ᠦᠭᠡᠢ᠂ ᠦᠮᠡᠬᠡᠢ ᠦᠨᠦᠷ ᠦᠭᠡᠢ ︵ᠭᠡᠪᠡᠴᠦ ᠵᠠᠷᠢᠮ ᠳᠠᠭᠠᠨ ᠰᠢᠪᠲᠦᠷ ᠤᠨ ᠦᠨᠦᠷ ᠲᠠᠢ︶᠂ ᠤᠨᠳᠤᠤ ᠪᠣᠳᠠᠰ ᠦᠭᠡᠢ ᠪᠠᠶᠢᠪᠠᠯ ᠵᠣᠬᠢᠨ᠎ᠠ᠃

   2.ᠡᠩ ᠤᠨ ᠴᠢᠨᠠᠷᠲᠠᠢ ᠡᠪᠡᠳᠴᠢᠨ ᠡᠮᠭᠡᠭ ᠡᠭᠦᠰᠬᠦ ᠦᠶ᠎ᠡ ᠳᠤ᠂ ᠲᠡᠵᠢᠭᠡᠯ ᠪᠣᠷᠳᠤᠭ᠎ᠠ ᠠᠴᠠ ᠪᠣᠯᠤᠭᠰᠠᠨ ᠭᠡᠵᠦ

ᠠᠳᠡᠭᠦᠷᠡᠬᠦ᠃ ᠭᠠᠭ᠋ᠠᠢ ᠲᠡᠵᠢᠭᠡᠬᠦ ᠶᠠᠪᠤᠴᠠ ᠳᠠᠭᠠᠨ ᠣᠷᠴᠢᠨ ᠲᠣᠭᠤᠷᠢᠨ᠂ ᠭᠠᠭ᠋ᠠᠢ ᠶᠢᠨ ᠡᠭᠦᠯᠳᠡᠷ᠂ ᠲᠡᠵᠢᠭᠡᠪᠦᠷᠢ ᠶᠢᠨ

ᠪᠠᠶᠢᠳᠠᠯ ᠵᠡᠷᠭᠡ ᠠᠳᠠᠯᠢ ᠪᠤᠰᠤ ᠰᠢᠯᠲᠠᠭᠠᠨ ᠠᠴᠠ ᠪᠣᠯᠵᠤ ᠠᠳᠠᠯᠢ ᠪᠤᠰᠤ ᠡᠪᠡᠳᠴᠢᠨ ᠡᠮᠭᠡᠭ ᠢ ᠡᠭᠦᠰᠬᠡᠵᠦ᠂ ᠲᠡᠵᠢᠭᠡᠯ

ᠪᠣᠷᠳᠤᠭ᠎ᠠ ᠪᠠᠷ ᠰᠢᠭᠤᠳ ᠡᠪᠡᠳᠴᠢᠨ ᠡᠭᠦᠰᠬᠡᠬᠦ ᠨᠢ ᠲᠣᠩ ᠴᠥᠭᠡᠨ ᠪᠠᠶᠢᠳᠠᠭ᠃ ᠶᠡᠷᠦ ᠳᠡᠭᠡᠨ ᠲᠡᠵᠢᠭᠡᠯ

ᠪᠣᠷᠳᠤᠭ᠎ᠠ ᠠᠴᠠ ᠪᠣᠯᠤᠭᠰᠠᠨ ᠡᠪᠡᠳᠴᠢᠨ ᠵᠢᠴᠢ ᠬᠡᠪ ᠤᠨ ᠪᠤᠰᠤ ᠪᠠᠶᠢᠳᠠᠯ ᠳᠤ ᠬᠤᠣᠷᠳᠠᠭᠳᠠᠬᠤ᠂ ᠢᠳᠡᠭᠡᠨ ᠤ

ᠳᠤᠷᠠᠰᠢᠯ ᠭᠡᠨᠡᠳᠲᠡ ᠬᠤᠪᠢᠷᠠᠬᠤ ᠵᠡᠷᠭᠡ᠃ ᠸᠠᠯᠠᠭᠰᠠᠨ ᠲᠡᠵᠢᠭᠡᠯ ᠪᠣᠷᠳᠤᠭ᠎ᠠ ᠨᠢ ᠵᠠᠷᠢᠮ ᠳᠠᠭᠠᠨ ᠭᠠᠭ᠋ᠠᠢ ᠶᠢ

ᠰᠠᠭᠤᠯᠭᠠᠵᠤ᠂ ᠲᠡᠵᠢᠭᠡᠯ ᠪᠣᠷᠳᠣᠭᠠᠨ ᠤ ᠬᠤᠪᠢᠷᠠᠯᠲᠠ ᠨᠢ ᠵᠠᠷᠢᠮ ᠳᠠᠭᠠᠨ ᠭᠠᠭ᠋ᠠᠢ ᠶᠢᠨ ᠢᠳᠡᠭᠡᠨ ᠤ ᠳᠤᠷᠠᠰᠢᠯ ᠢ

ᠬᠤᠪᠢᠷᠠᠭᠤᠯᠳᠠᠭ᠃

   3.ᠲᠠᠩ ᠭᠠᠭᠴᠠ ᠲᠡᠵᠢᠭᠡᠯ ᠪᠣᠷᠳᠣᠭᠠᠨ ᠤ ᠠᠩᠬᠢᠯᠤᠮ᠎ᠠ ᠦᠨᠦᠷ ᠠᠴᠠ ᠶᠠᠰᠤ ᠴᠢᠨᠠᠷ ᠤᠨ ᠴᠢᠨᠠᠷ ᠰᠠᠶᠢᠲᠠᠢ ᠶᠢ

ᠮᠠᠭᠠᠳᠯᠠᠬᠤ᠃ ᠡᠩ ᠤᠨ ᠲᠡᠵᠢᠭᠡᠯ ᠪᠣᠷᠳᠤᠭ᠎ᠠ ᠳᠤ ᠭᠠᠭ᠋ᠠᠢ ᠶᠢᠨ ᠢᠳᠡᠭᠡᠨ ᠤ ᠳᠤᠷᠠᠰᠢᠯ ᠢ ᠨᠡᠮᠡᠭᠳᠡᠭᠦᠯᠬᠦ ᠶᠢᠨ

ᠲᠥᠯᠥᠭᠡ ᠵᠣᠬᠢᠬᠤ ᠬᠡᠮᠵᠢᠶᠡᠨ ᠤ ᠠᠩᠬᠢᠯᠤᠮ᠎ᠠ ᠦᠨᠦᠷᠲᠦ ᠡᠳ᠋ ᠨᠡᠮᠡᠳᠡᠭ᠂ ᠭᠡᠪᠡᠴᠦ ᠲᠡᠶᠢᠮᠦ ᠠᠩᠬᠢᠯᠤᠮ᠎ᠠ ᠲᠡᠵᠢᠭᠡᠯ

ᠪᠣᠷᠳᠤᠭ᠎ᠠ ᠶᠢ ᠭᠠᠭ᠋ᠠᠢ ᠶᠢᠨ ᠢᠳᠡᠬᠦ ᠳᠤᠷᠠᠲᠠᠢ ᠵᠦᠢᠯ ᠭᠡᠵᠦ ᠬᠡᠯᠡᠬᠦ ᠶᠢᠨ ᠠᠷᠭ᠎ᠠ ᠦᠭᠡᠢ᠃ ᠭᠠᠭ᠋ᠠᠢ ᠶᠡᠷᠦ ᠳᠡᠭᠡᠨ

ᠰᠦᠨ ᠤ ᠠᠩᠬᠢᠯᠤᠮ᠎ᠠ ᠦᠨᠦᠷ᠂ ᠵᠢᠭᠠᠰᠤᠨ ᠤ ᠰᠢᠩᠬᠡᠭ ᠦᠨᠦᠷ᠂ ᠭᠦᠵᠡᠯᠵᠡᠭᠡᠨ᠎ᠡ ᠶᠢᠨ ᠦᠨᠦᠷ ᠵᠡᠷᠭᠡ ᠳᠤ ᠳᠤᠷᠠᠲᠠᠢ

ᠪᠠᠶᠢᠳᠠᠭ᠃ ᠵᠠᠷᠢᠮ ᠦᠢᠯᠡᠳᠪᠦᠷᠢ ᠶᠢᠨ ᠬᠢᠨ ᠬᠡᠷᠡᠭᠯᠡᠭᠴᠢᠳ ᠤᠨ ᠠᠩᠬᠠᠷᠤᠯ ᠢ ᠲᠠᠲᠠᠬᠤ ᠶᠢᠨ ᠲᠥᠯᠥᠭᠡ ᠨᠡᠯᠢᠶᠡᠳ

ᠠᠷᠪᠢᠨ ᠠᠩᠬᠢᠯᠤᠮ᠎ᠠ ᠦᠨᠦᠷᠲᠦ ᠡᠳ᠋ ᠢ ᠨᠡᠮᠡᠵᠦ ᠣᠷᠣᠭᠤᠯᠤᠭᠰᠠᠨ ᠨᠢ ᠵᠥᠪᠬᠡᠨ ᠲᠡᠵᠢᠭᠡᠯ ᠪᠣᠷᠳᠣᠭᠠᠨ ᠤ ᠠᠰᠢᠭ

ᠦᠭᠡᠢ ᠥᠪᠡᠷ ᠤᠨ ᠦᠷᠲᠡᠭ ᠢ ᠨᠡᠮᠡᠭᠳᠡᠭᠦᠯᠦᠭᠰᠡᠨ ᠲᠡᠳᠦᠢ ᠶᠤᠮ᠃

   4. ᠭᠠᠭ᠋ᠠᠢ ᠶᠢᠨ ᠥᠰᠦᠯᠲᠡ ᠶᠢᠨ ᠱᠠᠲᠤᠨ ᠳᠤ ᠴᠢᠭᠯᠡᠭᠦᠯᠦᠨ ᠬᠤᠯᠢᠮᠠᠭ ᠡᠳ᠋ ᠲᠤ ᠪᠤᠰᠤᠳ ᠲᠦᠭᠦᠬᠡᠢ ᠡᠳ᠋ ᠢ

ᠳᠤᠷ᠎ᠠ ᠪᠠᠷ ᠢᠶᠠᠨ ᠨᠡᠮᠡᠵᠦ ᠤᠷᠤᠭᠤᠯᠬᠤ᠃ ᠵᠢᠱᠢᠶᠡᠯᠡᠪᠡᠯ ᠳᠤᠮᠳᠠ ᠵᠡᠷᠭᠡ ᠶᠢᠨ ᠭᠠᠭ᠋ᠠᠢ ᠶᠢᠨ ᠬᠤᠯᠢᠮᠠᠭ ᠡᠳ᠋ ᠢᠶᠠᠷ

ᠲᠤᠷᠤᠢ ᠶᠢ ᠲᠡᠵᠢᠭᠡᠬᠦ᠂ ᠪᠦᠳᠦᠭᠦᠨ ᠭᠠᠭ᠋ᠠᠢ ᠶᠢ ᠲᠡᠵᠢᠭᠡᠬᠦ ᠪᠠᠷ ᠪᠤᠳᠤᠶ᠎ᠠ᠃ ᠢᠩᠭᠢᠵᠦ ᠲᠡᠵᠢᠭᠡᠬᠦ ᠠᠷᠭ᠎ᠠ ᠨᠢ

ᠭᠠᠭ᠋ᠠᠢ ᠶᠢᠨ ᠬᠠᠮᠤᠭ ᠤᠨ ᠶᠡᠭᠡ ᠥᠰᠦᠯᠲᠡ ᠶᠢᠨ ᠴᠢᠳᠠᠪᠤᠷᠢ ᠶᠢ ᠪᠠᠳᠠᠷᠠᠭᠤᠯᠵᠤ ᠴᠢᠳᠠᠬᠤ ᠦᠭᠡᠢ ᠮᠥᠷᠲᠡᠭᠡᠨ

ᠲᠡᠵᠢᠭᠡᠯ ᠪᠣᠷᠳᠤᠭ᠎ᠠ ᠶᠢᠨ ᠥᠪᠡᠷ ᠤᠨ ᠥᠷᠲᠡᠭ ᠢ ᠴᠦ ᠨᠡᠮᠡᠭᠳᠡᠭᠦᠯᠳᠡᠭ᠃ 4% ᠶᠢᠨ ᠬᠤᠯᠢᠮᠠᠭ ᠡᠳ᠋ ᠢᠶᠠᠷ ᠳᠠᠪᠤᠰᠤ

ᠨᠡᠮᠡᠪᠡᠯ ᠰᠢᠮ᠎ᠡ ᠲᠡᠵᠢᠭᠡᠯ ᠨᠡᠮᠡᠭᠰᠡᠨ ᠰᠢᠭ ᠪᠣᠯᠪᠠᠴᠤ ᠳᠠᠪᠤᠰᠤ ᠬᠡᠲᠦᠷᠬᠡᠢ ᠠᠷᠪᠢᠨ ᠨᠡᠮᠡᠪᠡᠯ ᠬᠥᠩᠭᠡᠨ ᠬᠡᠮᠵᠢᠶᠡᠨ ᠤ

ᠬᠤᠣᠷᠳᠠᠯᠭ᠎ᠠ ᠶᠢ ᠡᠭᠦᠰᠬᠡᠵᠦ ᠮᠡᠳᠡᠨ᠎ᠡ᠃ ᠢᠯᠡᠭᠦᠴᠡ ᠲᠡᠵᠢᠭᠡᠯ ᠪᠣᠷᠳᠣᠭᠠᠨ ᠤ ᠲᠦᠭᠦᠬᠡᠢ ᠡᠳ᠋ ᠢ ᠨᠡᠮᠡᠪᠡᠯ

ᠭᠡᠳᠡᠷᠭᠦ ᠪᠠᠨ ᠲᠡᠵᠢᠭᠡᠨ ᠦᠷᠡᠵᠢᠭᠦᠯᠬᠦ ᠠᠰᠢᠭ ᠬᠤᠨᠵᠢᠪᠤᠷᠢ ᠶᠢ ᠪᠠᠭᠤᠷᠠᠭᠤᠯᠳᠠᠭ᠂ ᠭᠡᠪᠡᠴᠦ ᠵᠠᠷᠢᠮ ᠳᠠᠭᠠᠨ ᠵᠥᠪ

ᠣᠨᠣᠪᠴᠢᠲᠠᠶ ᠵᠢᠭᠠᠨ ᠵᠢᠯᠣᠭᠤᠳᠤᠭᠰᠠᠨ ᠪᠠᠶᠢᠳᠠᠯ ᠳᠣᠣᠷ᠎ᠠ ᠲᠣᠬᠢᠷᠠᠮᠵᠢᠲᠠᠢ ᠪᠤᠰᠤᠳ ᠪᠣᠳᠠᠰ ᠢ ᠨᠡᠮᠡᠬᠦ ᠨᠢ

ᠪᠦᠲᠦᠮᠵᠢᠲᠡᠶ ᠨᠥᠬᠦᠪᠦᠷᠢ ᠪᠣᠯᠣᠨ᠎ᠠ᠃ ᠵᠢᠱᠢᠶᠡᠯᠡᠪᠡᠯ ᠲᠣᠬᠢᠷᠠᠭᠤᠯᠬᠤ ᠴᠢᠨᠠᠷᠲᠠᠢ ᠪᠠᠷ ᠡᠮᠲᠦ ᠪᠣᠳᠠᠰ᠂ ᠬᠥᠬᠡ

ᠡᠪᠡᠰᠦ ᠶᠢ ᠬᠡᠮᠬᠡᠴᠢᠬᠦ ᠵᠡᠷᠭᠡ ᠶᠢ ᠨᠡᠮᠡᠵᠦ ᠤᠷᠤᠭᠤᠯᠬᠤ ᠵᠡᠷᠭᠡ ᠪᠣᠯᠤᠨ᠎ᠠ᠃

   5. ᠭᠠᠭ᠋ᠠᠢ ᠶᠢᠨ ᠪᠡᠶ᠎ᠡ ᠶᠢᠨ ᠪᠠᠶᠢᠳᠠᠯ᠂ ᠭᠠᠷᠭᠠᠯᠲᠠ ᠶᠢᠨ ᠦᠨ᠎ᠡ ᠶᠢ ᠬᠡᠲᠦᠷᠬᠡᠢ ᠬᠥᠭᠡᠭᠡᠴᠡᠯᠳᠦᠭᠰᠡᠨ ᠤ

ᠤᠯᠠᠮ ᠠᠴᠠ ᠬᠥᠭᠡᠷᠦᠭᠦᠯᠬᠦ ᠡᠮ ᠪᠤᠶᠤ ᠲᠡᠭᠦᠨ ᠤ ᠨᠡᠮᠡᠯᠲᠡ ᠡᠳ᠋ ᠲᠠᠢ ᠪᠦᠳᠦᠭᠦᠨ ᠭᠠᠭ᠋ᠠᠢ ᠶᠢᠨ ᠪᠣᠷᠳᠤᠭ᠎ᠠ ᠶᠢ

ᠬᠡᠷᠡᠭᠯᠡᠬᠦ ᠶᠠᠪᠤᠳᠠᠯ ᠨᠢ ᠨᠡᠶᠢᠭᠡᠮ ᠳᠤ ᠵᠣᠬᠢᠬᠤ ᠬᠡᠮᠵᠢᠶᠡᠨ ᠤ ᠮᠠᠭᠤ ᠨᠥᠯᠥᠭᠡ ᠦᠵᠡᠭᠦᠯᠦᠭᠰᠡᠨ ᠨᠢᠭᠡ ᠵᠦᠢᠯ ᠤᠨ ᠵᠦᠢ

ᠪᠤᠰᠤ ᠠᠵᠢᠯᠯᠠᠭ᠎ᠠ ᠮᠥᠨ᠃ ᠠᠮᠤᠷ ᠲᠦᠪᠰᠢᠨ᠂ ᠣᠷᠴᠢᠨ ᠠᠬᠤᠢ ᠶᠢ ᠬᠠᠮᠠᠭᠠᠯᠠᠬᠤ ᠴᠢᠨᠠᠷ ᠰᠠᠶᠢᠲᠠᠢ ᠲᠡᠵᠢᠭᠡᠯ

ᠪᠣᠷᠳᠤᠭ᠎ᠠ ᠶᠢ ᠬᠡᠷᠡᠭᠯᠡᠬᠦ ᠪᠣᠯ ᠰᠠᠶ᠋ᠢ ᠲᠡᠵᠢᠭᠡᠨ ᠦᠷᠡᠵᠢᠭᠦᠯᠬᠦ ᠶᠢᠨ ᠬᠥᠭᠡᠭᠡᠴᠡᠯᠳᠦᠬᠦ ᠬᠠᠷᠠᠯᠲᠠ ᠮᠥᠨ᠃

 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号