ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠠᠮᠵᠢᠯᠲᠠ ᠲᠠᠢ ᠥᠨᠳᠥᠷᠯᠡᠪᠡ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠵᠣᠭᠤᠰ ᠤᠨ ᠲᠤᠭ᠎ᠠ 3853.38 ᠳ᠋ᠦᠩᠰᠢᠭᠤᠷ ᠲᠥᠭᠦᠷᠢᠭ ᠲᠤ ᠬᠦᠷᠴᠦ ᠡᠮᠦᠨ᠎ᠡ ᠭᠤᠷᠪᠠᠨ ᠬᠤᠭᠤᠴᠠᠭᠠᠨ ᠤ ᠨᠡᠶᠢᠯᠡᠪᠦᠷᠢ ᠠᠴᠠ ᠳᠠᠪᠠᠯ᠎ᠠᠳᠠᠪᠠᠯ᠎ᠠ
ᠨᠡᠶᠢᠲᠡᠯᠡᠭᠰᠡᠨ ᠴᠠᠭ᠄
2023/9/12
     9 ᠰᠠᠷ᠎ᠠ ᠶᠢᠨ 10᠎ ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠭᠦᠭᠡᠬᠤᠲᠠ ᠳᠤ ᠠᠮᠵᠢᠯᠲᠠ ᠲᠠᠢ ᠥᠨᠳᠥᠷᠯᠡᠪᠡ᠃ ᠲᠣᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠳᠤ᠂ ᠬᠤᠯᠪᠣᠭᠳᠠᠯ ᠪᠦᠬᠦᠢ ᠤᠯᠤᠰ᠂ ᠭᠠᠵᠠᠷ ᠣᠷᠣᠨ᠂ ᠮᠤᠵᠢ ᠣᠷᠣᠨ ᠬᠤᠲᠠ ᠪᠣᠯᠣᠨ ᠠᠶᠢᠮᠠᠭ ᠬᠤᠲᠠ 20 ᠭᠠᠷᠤᠢ ᠲᠠᠯᠠᠪᠤᠷ ᠡᠯ᠎ᠡ ᠲᠥᠷᠥᠯ ᠤᠨ ᠠᠵᠤ ᠠᠬᠤᠢ ᠠᠷᠠᠯᠵᠢᠶᠠᠨ ᠤ ᠠᠵᠢᠯᠯᠠᠭ᠎ᠠ ᠡᠷᠭᠢᠯᠡᠵᠦ᠂ ᠭᠡᠷ᠎ᠡ ᠲᠣᠭᠲᠠᠭᠰᠠᠨ ᠲᠥᠷᠥᠯ ᠵᠦᠢᠯ 200᠎ ᠶᠢ ᠳᠠᠪᠠᠵᠤ᠂ ᠬᠡᠯᠡᠯᠴᠡᠭᠡᠷ ᠲᠤ ᠭᠡᠷ᠎ᠡ ᠲᠣᠭᠲᠠᠭᠰᠠᠨ ᠵᠣᠭᠤᠰ ᠤᠨ ᠲᠤᠭ᠎ᠠ 3853.38 ᠳ᠋ᠦᠩᠰᠢᠭᠤᠷ ᠲᠥᠭᠦᠷᠢᠭ ᠲᠤ ᠬᠦᠷᠴᠡᠢ᠃ ᠭᠤᠣᠯ ᠦᠵᠡᠰᠭᠦᠯᠡᠩ ᠤᠨ ᠲᠣᠭᠤᠷᠢᠭ ᠪᠤᠯᠬᠤ ᠴᠡᠯᠡᠭᠡᠷ ᠲᠠᠯ᠎ᠠ ᠤᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠬᠤᠳᠠᠯᠳᠤᠭᠠᠴᠢᠨ ᠵᠢᠭᠤᠯᠴᠢᠯᠠᠬᠰᠡᠳ ᠢ 75 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠲᠤᠬᠠᠢ ᠶᠢᠨ ᠲᠠᠯᠠᠪᠠᠢ ᠶᠢᠨ ᠬᠤᠳᠠᠯᠳᠤᠨ ᠠᠪᠴᠤ ᠠᠷᠠᠯᠵᠢᠶᠠᠨ ᠤ ᠲᠤᠭ᠎ᠠ ᠨᠢ 2.5 ᠳ᠋ᠦᠩᠰᠢᠭᠤᠷ ᠲᠥᠭᠦᠷᠢᠭ ᠲᠤ ᠬᠦᠷᠴᠡᠢ᠃ ︽ᠲᠣᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠭᠤᠶᠢᠳᠠ ᠰᠠᠶᠢᠬᠠᠨ᠂ ᠤᠷᠢᠳ ᠡᠮᠦᠨ᠎ᠡ ᠭᠠᠷᠤᠭ᠎ᠠ ᠦᠭᠡᠢ ᠦᠪᠡᠳᠡᠭᠰᠢ ᠪᠠᠶᠢᠳᠠᠯ ᠲᠠᠢ ᠪᠣᠯᠪᠠ᠂ ᠡᠭᠦᠨ ᠳᠤ ᠭᠤᠣᠯᠳᠠᠭᠤ ᠳᠣᠣᠷᠠᠬᠢ ᠮᠡᠲᠦ ᠭᠢᠯᠠᠰ ᠴᠡᠭ ᠢᠯᠡᠷᠡᠪᠡ᠄ ᠨᠢᠭᠡ ᠳᠤ᠂ ᠦᠵᠡᠰᠭᠦᠯᠡᠩ ᠳᠤ ᠣᠷᠣᠯᠴᠠᠬᠰᠠᠨ ᠶᠡᠷᠦᠩᠬᠡᠢ ᠬᠡᠪᠴᠢᠶ᠎ᠡ ᠨᠢᠭᠡᠨᠲᠡ ᠥᠩᠭᠡᠷᠡᠭᠰᠡᠨ ᠬᠤᠭᠤᠴᠠᠭᠠᠨ ᠤ ᠬᠢ ᠠᠴᠠ ᠳᠠᠪᠠᠵᠤ᠂ ᠬᠤᠷᠠᠯ ᠳᠤ ᠣᠷᠣᠯᠴᠠᠬᠰᠠᠨ ᠬᠦᠨᠳᠦᠲᠦ ᠵᠣᠴᠢᠳ ᠪᠠ ᠦᠵᠡᠰᠭᠦᠯᠡᠩ ᠳᠤ ᠣᠷᠣᠯᠴᠠᠬᠰᠠᠨ ᠠᠵᠤ ᠠᠬᠤᠶᠢᠯᠠᠯ ᠲᠦᠮᠡ ᠭᠠᠷᠤᠢ ᠬᠥᠮᠥᠨ ᠪᠠᠶᠢᠨ᠎ᠠ︔ ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠢᠯ ᠲᠥᠷᠥᠯ᠂ ᠬᠤᠯᠪᠣᠭᠳᠠᠯ ᠪᠦᠬᠦᠢ ᠠᠶᠢᠮᠠᠭ ᠬᠤᠲᠠ ᠵᠢᠴᠢ ᠬᠤᠯᠪᠣᠭᠳᠠᠯ ᠪᠦᠬᠦᠢ ᠤᠯᠤᠰ᠂ ᠮᠤᠵᠢ ᠣᠷᠣᠨ ᠬᠤᠲᠠ ᠶᠢᠨ ᠡᠷᠭᠢᠯᠡᠭᠰᠡᠨ ᠠᠵᠤ ᠠᠬᠤᠢ ᠠᠷᠠᠯᠵᠢᠶᠠᠨ ᠤ ᠰᠢᠷᠢᠰ ᠠᠵᠢᠯᠯᠠᠭ᠎ᠠ ᠶᠢ ᠪᠠᠭᠲᠠᠭᠠᠭᠰᠠᠨ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠯᠡᠯᠴᠡᠭᠡᠷ ᠤᠨ ᠬᠤᠷᠠᠯ ᠢ ᠡᠷᠭᠢᠯᠡᠵᠦ᠂ ᠬᠡᠯᠡᠯᠴᠡᠭᠡᠷ ᠲᠤ ᠭᠠᠷ ᠤᠨ ᠥᠰᠥᠭ ᠵᠢᠷᠤᠭᠰᠠᠨ ᠵᠣᠭᠤᠰ ᠤᠨ ᠲᠤᠭ᠎ᠠ ᠨᠢ ᠨᠢᠭᠡᠨᠲᠡ ᠡᠮᠦᠨ᠎ᠡ ᠭᠤᠷᠪᠠᠨ ᠬᠤᠭᠤᠴᠠᠭᠠᠨ ᠤ ᠨᠡᠶᠢᠯᠡᠪᠦᠷᠢ ᠠᠴᠠ ᠳᠠᠪᠠᠪᠠ︔ ᠭᠤᠷᠪᠠ ᠳᠤ᠂ ᠴᠡᠯᠡᠭᠡᠷ ᠲᠠᠯ᠎ᠠ ᠤᠯᠠᠠ ᠤᠯᠤᠰ ᠤᠨ ᠬᠤᠷᠠᠯ ᠦᠵᠡᠰᠭᠦᠯᠡᠩ ᠤᠨ ᠲᠥᠪ ᠢ ᠡᠬᠢᠯᠡᠨ ᠬᠡᠷᠡᠭᠯᠡᠵᠦ᠂ ᠦᠵᠡᠰᠭᠦᠯᠡᠩ ᠳᠤ ᠣᠷᠣᠯᠴᠠᠬᠰᠠᠨ ᠤᠯᠤᠰ᠂ ᠦᠵᠡᠰᠭᠦᠯᠡᠩ ᠤᠨ ᠲᠠᠯᠠᠪᠠᠢ᠂ ᠦᠵᠡᠰᠭᠦᠯᠡᠩ ᠳᠤ ᠣᠷᠣᠯᠴᠠᠬᠰᠠᠨ ᠠᠵᠢᠯ ᠲᠦᠷᠦᠯ ᠠᠵᠤ ᠠᠬᠤᠶᠢᠯᠠᠯ ᠤᠨ ᠲᠤᠭ᠎ᠠ ᠪᠦᠷ ᠥᠩᠭᠡᠷᠡᠭᠰᠡᠨ ᠬᠤᠭᠤᠴᠠᠭᠠᠨ ᠤ ᠬᠢ ᠠᠴᠠ ᠳᠠᠪᠠᠵᠠᠢ︔ ᠳᠥᠷᠪᠡ ᠳᠤ᠂ ᠠᠩᠬ᠎ᠠ ᠤᠳᠠᠭ᠎ᠠ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠠᠷᠭ᠎ᠠ ᠭᠡᠯᠪᠡᠷᠢ ᠶᠢ ᠠᠪᠴᠤ᠂ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ ᠶᠢ ᠠᠬᠢᠭᠤᠯᠬᠤ ᠳᠤ ᠡᠷᠬᠢᠮ ᠨᠠᠨᠳᠢᠨ ᠦᠢᠯᠡᠳᠦᠯᠭᠡ ᠶᠢᠨ ᠲᠤᠷᠰᠢᠯᠭ᠎ᠠ ᠬᠤᠷᠠᠮᠳᠤᠭᠤᠯᠪᠠ︔ ᠲᠠᠪᠤ ᠳᠤ᠂ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠨᠡᠷᠡᠳᠦ ᠵᠢᠵᠢᠭ ᠢᠳᠡᠭᠡᠨ ᠠᠮᠲᠠᠲᠤ ᠢᠳᠡᠭᠡᠨ ᠤ ᠰᠣᠶᠣᠯ ᠤᠨ ᠭᠠᠷᠠᠭ ᠢ ᠡᠷᠭᠢᠯᠡᠵᠦ᠂ ᠠᠮᠲᠠᠲᠤ ᠢᠳᠡᠭᠡᠨ ᠤ ᠰᠣᠶᠣᠯ ᠤᠨ ᠰᠣᠯᠢᠯᠴᠠᠭ᠎ᠠ ᠶᠢ ᠪᠠᠶᠠᠯᠢᠭᠵᠢᠭᠤᠯᠵᠤ᠂ ᠤᠯᠠᠨ ᠤ ᠪᠠᠭ᠋ᠠᠷᠬᠠᠯ ᠢ ᠲᠠᠲᠠᠪᠠ᠃ ᠪᠢᠳᠡ ᠲᠣᠰ ᠤᠳᠠᠭ᠎ᠠ ᠶᠢᠨ ᠦᠵᠡᠰᠭᠦᠯᠡᠩ ᠤᠨ ᠴᠤᠭᠯᠠᠭᠠᠨ ᠢ ᠡᠷᠭᠢᠯᠡᠭᠰᠡᠨ ᠲᠤᠷᠰᠢᠯᠭ᠎ᠠ ᠪᠠᠨ ᠳ᠋ᠦᠩᠨᠡᠵᠦ ᠂ ᠰᠠᠭᠤᠷᠢ ᠲᠥᠬᠦᠭᠡᠷᠦᠮᠵᠢ᠂ ᠦᠵᠡᠰᠭᠦᠯᠡᠩ ᠤᠨ ᠴᠤᠭᠯᠠᠭᠠᠨ ᠤ ᠲᠠᠯᠠᠪᠠᠶ ᠶᠢᠨ ᠬᠠᠮᠢᠶᠠᠷᠤᠯᠲᠠ᠂ ᠲᠤᠰᠬᠠᠢ ᠮᠡᠷᠭᠡᠵᠢᠯ ᠤᠨ ᠡᠩᠨᠡᠭᠡ ᠶᠢ ᠬᠥᠮᠥᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠠᠷᠠᠭᠠᠴᠢ ᠶᠢᠨ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠢ ᠡᠷᠭᠢᠯᠡᠭᠦ ᠳᠤ ᠰᠠᠶᠢᠲᠤᠷ ᠪᠡᠯᠡᠳᠬᠡᠯ ᠬᠢᠨ᠎ᠡ︾ ᠭᠡᠵᠦ ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢ ᠵᠢᠶᠦ᠋ᠨ ᠬᠡᠯᠡᠪᠡ᠃ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠪᠣᠯ ᠳᠤᠮᠳᠠᠳᠤ ᠮᠣᠩᠭᠤᠯ ᠬᠤᠶᠠᠷ ᠤᠯᠤᠰ ᠤᠨ ᠵᠠᠰᠠᠭ ᠤᠨ ᠣᠷᠳᠣᠨ ᠤ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠲᠦᠷᠦᠯ ᠵᠦᠢᠯ ᠮᠥᠨ᠂ ᠪᠦᠭᠦ ᠳᠡᠯᠡᠬᠡᠢ ᠳᠤ ᠬᠠᠨᠳᠤᠭᠤᠯᠤᠭᠰᠠᠨ ᠣᠯᠠᠨ ᠤᠯᠤᠰ ᠤᠨ ᠠᠵᠤ ᠠᠬᠤᠢ ᠠᠷᠠᠯᠵᠢᠶ᠎ᠠ ᠰᠣᠶᠣᠯ ᠢᠷᠭᠡᠨᠰᠢᠯ ᠤᠨ ᠬᠠᠮᠲᠤᠷᠠᠯᠴᠠᠭᠠᠨ ᠤ ᠰᠣᠯᠢᠯᠴᠠᠭᠠᠨ ᠤ ᠲᠠᠪᠴᠠᠩ ᠮᠥᠨ᠂ ᠳᠤᠮᠳᠠᠳᠤ ᠮᠣᠩᠭᠤᠯ ᠬᠤᠶᠠᠷ ᠤᠯᠤᠰ ᠤᠨ ᠵᠡᠭᠦᠨ ᠬᠤᠶᠢᠲᠤ ᠠᠽᠢᠶ᠎ᠠ ᠴᠢᠨᠠᠭᠰᠢᠯᠠᠪᠠᠯ ᠳᠡᠯᠡᠬᠡᠢ ᠶᠢᠨ ᠡᠯ᠎ᠡ ᠤᠯᠤᠰ ᠯᠤᠭ᠎ᠠ ᠤᠯᠤᠰ ᠲᠥᠷᠥ ᠶᠢᠨ ᠢᠲᠡᠭᠡᠯᠴᠡᠭᠡ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠡᠮᠡᠭᠳᠡᠭᠦᠯᠬᠦ ᠬᠥᠭᠦᠷᠭᠡ ᠪᠠ ᠬᠤᠯᠪᠣᠭᠠᠰᠤ ᠮᠥᠨ᠃ ᠡᠭᠦᠨ ᠠᠴᠠ ᠡᠮᠦᠨ᠎ᠡ ᠨᠢᠭᠡᠨᠲᠡ 2015 ᠣᠨ᠂ 2017 ᠣᠨ᠂ 2019 ᠣᠨ ᠳᠤ ᠭᠤᠷᠪᠠᠨ ᠬᠤᠭᠤᠴᠠᠭ᠎ᠠ ᠶᠢ ᠠᠮᠵᠢᠯᠲᠠ ᠲᠠᠢ ᠡᠷᠭᠢᠯᠡᠪᠡ᠃ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠨᠢ ︽ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠬᠠᠮᠲᠤ ᠪᠠᠷ ᠪᠠᠶᠢᠭᠤᠯᠵᠤ᠂ ᠬᠥᠭᠵᠢᠯᠲᠡ ᠶᠢᠨ ᠰᠢᠨ᠎ᠡ ᠠᠵᠠ ᠲᠣᠭᠢᠶᠠᠯ ᠢ ᠬᠠᠮᠲᠤ ᠪᠠᠷ ᠡᠳ᠋ᠯᠡᠶ᠎ᠡ︾ ᠭᠡᠳᠡᠭ ᠢᠶᠠᠷ ᠭᠤᠣᠯ ᠰᠡᠳᠦᠪ ᠪᠤᠯᠭᠠᠵᠤ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠮᠣᠩᠭᠤᠯ ᠤᠯᠤᠰ ᠤᠨ ᠢᠳᠡᠭᠡᠨ ᠮᠠᠯ ᠠᠵᠤ ᠠᠬᠤᠢ ᠲᠠᠷᠢᠶᠠᠯᠠᠩ ᠪᠠ ᠬᠥᠩᠭᠡᠨ ᠠᠵᠤ ᠦᠢᠯᠡᠳᠪᠦᠷᠢ ᠶᠢᠨ ᠶᠠᠮᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠭᠢᠯᠡᠵᠦ᠂ 9 ᠰᠠᠷ᠎ᠠ ᠶᠢᠨ 6᠎ ᠤ ᠡᠳᠦᠷ ᠭᠦᠭᠡᠬᠤᠲᠠ ᠳᠤ ᠡᠬᠢᠯᠡᠪᠡ᠂ ᠡᠨᠡ ᠬᠤᠭᠤᠴᠠᠭᠠᠨ ᠳᠤ ᠡᠭᠢᠯᠡᠯᠲᠡ ᠶᠢᠨ ᠶᠣᠰᠣᠯᠠᠯ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠨ ᠬᠡᠯᠡᠯᠴᠡᠬᠦ ᠬᠤᠷᠠᠯ᠂ ᠬᠤᠷᠠᠯ ᠤᠨ ᠶᠠᠷᠢᠶᠠᠨ ᠤ ᠲᠠᠪᠴᠠᠩ᠂ ᠦᠵᠡᠰᠭᠦᠯᠡᠩ ᠤᠨ ᠴᠤᠭᠯᠠᠭᠠᠨ ᠦᠵᠡᠭᠦᠯᠭᠡ᠂ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠲᠠᠪᠤᠨ ᠲᠣᠮᠣ ᠬᠡᠰᠡᠭ ᠤᠨ ᠰᠢᠷᠢᠰ ᠠᠵᠢᠯᠯᠠᠭ᠎ᠠ ᠡᠷᠭᠢᠯᠡᠪᠡ᠃
   
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号