ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2023/9/26
    9 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠥᠰᠥᠯ ᠢ ᠬᠢᠨᠠᠨ ᠵᠥᠪᠯᠡᠪᠡ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠨᠡᠩ ᠰᠠᠶᠢᠨ ᠦᠢᠯᠡᠴᠢᠯᠡᠬᠦ ᠪᠠ ᠠᠭᠤᠰᠤᠯᠴᠠᠬᠤ ᠬᠡᠷᠡᠭᠲᠡᠢ᠃ ᠬᠡᠷᠡᠭᠵᠢᠭᠦᠯᠬᠦ ᠲᠥᠰᠥᠯ ᠢ ᠱᠠᠯᠠᠪᠳᠠᠨ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ ᠶᠢ ᠪᠣᠳᠠᠲᠠᠢ ᠬᠡᠷᠡᠭᠵᠢᠭᠦᠯᠵᠦ ᠪᠣᠯᠬᠤᠶᠢᠴᠠ ᠠᠵᠢᠯ ᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠵᠤ᠂ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠤᠯᠤᠰ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠯᠪᠠᠨ ᠲᠢᠩᠬᠢᠮ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠪᠦᠬᠦ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠯᠪᠠᠨ ᠲᠢᠩᠬᠢᠮ ᠤᠯᠤᠰ ᠲᠦᠷᠦ ᠶᠢᠨ ᠪᠠᠶᠢᠭᠤᠯᠭ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠳᠡᠭᠡᠷ᠎ᠡ ᠦᠨᠡᠨ ᠬᠦ ᠰᠠᠶᠢᠨ ᠦᠯᠢᠭᠡᠷ ᠳᠠᠭᠤᠷᠢᠶᠠᠯ ᠪᠣᠯᠵᠤ᠂ ᠵᠢᠱᠢᠶ᠎ᠡ ᠦᠵᠡᠭᠦᠯᠬᠦ ᠬᠡᠷᠡᠭᠲᠡᠢ ᠃ ᠰᠠᠶᠢᠨ ᠵᠥᠪᠯᠡᠭᠴᠢ ᠲᠤᠰᠠᠯᠠᠭᠴᠢ ᠪᠣᠯᠬᠤ ᠪᠠᠷ ᠴᠢᠷᠮᠠᠶᠢᠵᠤ᠂ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠳᠤ ᠢᠯᠡᠭᠦᠬᠡᠨ ᠰᠠᠶᠢᠨ ᠠᠷᠭ᠎ᠠ ᠭᠠᠷᠭᠠᠨ ᠥᠭᠴᠦ᠂ ᠢᠯᠡᠭᠦᠬᠡᠨ ᠰᠠᠶᠢᠨ ᠰᠠᠨᠠᠭᠤᠯᠭ᠎ᠠ ᠳᠤᠷᠠᠳᠴᠤ᠂ ᠶᠡᠭᠡ ᠬᠦᠴᠦ ᠣᠷᠣᠭᠤᠯᠤᠨ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠰᠢᠢᠳᠪᠦᠷᠢᠯᠡᠵᠦ᠂ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ ᠶᠢ ᠠᠬᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ︽ᠭᠤᠷᠪᠠ ᠳᠤ ᠦᠢᠯᠡᠴᠢᠯᠡᠬᠦ︾ ᠠᠵᠢᠯ ᠤᠨ ᠴᠢᠳᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠪᠠᠶᠠᠷ ᠤᠨ ᠵᠠᠬᠢᠳᠠᠯ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠪᠣᠳᠠᠲᠠᠢ ᠲᠠᠢ ᠪᠠᠨ ᠤᠶᠠᠯᠳᠤᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ᠂ ᠪᠣᠭᠤᠮᠲᠠ ᠶᠢᠨ ᠠᠵᠢᠯ ᠢ ᠳᠡᠮᠵᠢᠬᠦ᠂ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠬᠡᠮᠵᠢᠶ᠎ᠠ ᠶᠢ ᠨᠡᠮᠡᠭᠳᠡᠭᠦᠯᠬᠦ ᠶᠢ ᠠᠬᠢᠭᠤᠯᠬᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ᠂ ᠳᠤᠮᠳᠠᠳᠤ ᠠᠮᠧᠷᠢᠺᠠ ᠶᠢᠨ ᠠᠷᠠᠳ ᠤᠨ ᠬᠤᠭᠤᠷᠣᠨᠳᠣᠬᠢ ᠶᠠᠪᠤᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠠᠵᠢᠯ ᠳᠤ ᠱᠠᠭᠠᠷᠳᠠᠯᠭ᠎ᠠ ᠳᠤᠷᠠᠳᠴᠠᠢ᠃ ᠬᠤᠷᠠᠯ ᠠᠴᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠣᠯᠣᠨ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ﹀ ᠶᠢ ᠬᠡᠷᠡᠭᠵᠢᠭᠦᠯᠦᠭᠰᠡᠨ ᠳᠤᠮᠳᠠ ᠬᠤᠭᠤᠴᠠᠭᠠᠨ ᠤ ᠦᠨᠡᠯᠡᠯᠲᠡ ᠶᠢᠨ ᠮᠡᠳᠡᠭᠦᠯᠦᠯᠲᠡ︾ ᠶᠢ ᠬᠢᠨᠠᠨ ᠵᠥᠪᠯᠡᠪᠡ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号