ᠨᠠᠮ ᠤᠨ ᠠᠵᠢᠯ ᠤᠨ ᠬᠤᠷᠢᠶᠠᠨ ᠤ ᠲᠡᠳ᠋ ᠱᠦᠵᠢ᠂ ᠵᠣᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠴᠠᠩ ᠰᠢᠤᠸᠠᠢ ᠯᠢᠨ ᠤ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/1/10
    ᠴᠢᠶᠣᠤ ᠵᠢᠶᠠᠨ ᠴᠢᠶᠠᠩ ᠨᠥᠬᠦᠷ ᠢ ᠬᠠᠪᠰᠤᠷᠤᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠶᠢ ᠬᠠᠷᠢᠭᠤᠴᠠᠨ᠎ᠠ᠃ ᠨᠠᠮ ᠤᠨ ᠠᠵᠢᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠦᠬᠦ ᠠᠵᠢᠯ ᠢ ᠡᠷᠬᠢᠯᠡᠵᠦ᠂ ᠨᠠᠮ ᠤᠨ ᠠᠵᠢᠯ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠵᠣᠬᠢᠶᠠᠨ ᠪᠠᠶᠢᠭᠤᠯᠬᠤ᠂ ᠺᠠᠳ᠋ᠷ᠂ ᠣᠷᠣᠨ ᠲᠤᠭ᠎ᠠ᠂ ᠴᠢᠳᠠᠪᠤᠷᠢᠲᠠᠨ ᠤ ᠠᠵᠢᠯ ᠢ ᠬᠠᠷᠢᠭᠤᠴᠠᠨ᠎ᠠ︔ ᠨᠠᠮ ᠤᠨ ᠠᠵᠢᠯ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ᠂ ᠠᠬᠠᠮᠠᠳ ᠺᠠᠳ᠋ᠷ ᠤᠨ ᠲᠣᠪᠴᠢᠶ᠎ᠠ᠂ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ ᠬᠤᠷᠢᠶ᠎ᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯᠯᠠᠬᠤ ᠬᠤᠷᠢᠶ᠎ᠠ᠂ ᠠᠯᠪᠠᠲᠠᠨ ᠤ ᠲᠣᠪᠴᠢᠶ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠢ ᠬᠤᠪᠢᠳᠠᠨ ᠬᠠᠮᠢᠶᠠᠷᠤᠨ᠎ᠠ᠃ ᠨᠠᠮ ᠤᠨ ᠠᠵᠢᠯᠯᠠᠬᠤ ᠬᠤᠷᠢᠶ᠎ᠠ ᠶᠢᠨ ᠨᠢᠭᠡᠳᠦᠮᠡᠯ ᠹᠷᠣᠨᠲ ᠤᠨ ᠤᠯᠠᠨ ᠲᠦᠮᠡᠨ ᠤ ᠠᠵᠢᠯ ᠤᠨ ᠬᠡᠯᠲᠡᠰ ᠢ ᠬᠤᠪᠢᠳᠠᠨ ᠬᠠᠮᠢᠶᠠᠷᠴᠤ᠂ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠢᠨ ᠨᠠᠶᠢᠳᠠᠯᠭ᠎ᠠ ᠪᠠᠷ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ᠂ ᠱᠠᠰᠢᠨ ᠰᠤᠷᠲᠠᠬᠤᠨ᠂ ᠮᠠᠯᠵᠢᠬᠤ ᠲᠠᠷᠢᠶᠠᠯᠠᠬᠤ ᠣᠷᠣᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ᠂ ᠨᠠᠮ ᠤᠨ ᠲᠡᠦᠬᠡ ᠶᠢᠨ ᠠᠵᠢᠯ ᠢ ᠬᠠᠷᠢᠭᠤᠴᠠᠨ᠎ᠠ︔ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠬᠠᠷᠢᠶᠠᠲᠤ ᠨᠠᠷ ᠤᠨ ᠠᠵᠢᠯ ᠤᠨ ᠠᠯᠪᠠᠨ ᠭᠡᠷ ᠢ ᠬᠤᠪᠢᠳᠠᠨ ᠬᠠᠮᠢᠶᠠᠷᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号