ᠰᠢ ᠶᠢᠨ ᠫᠢᠩ ᠬᠦ᠋ ᠸᠧᠨ ᠴᠠᠩ ᠤᠨ ᠳᠤᠷᠠᠰᠬᠠᠯ ᠤᠨ ᠣᠷᠳᠣᠨ ᠢ ᠲᠣᠭᠤᠷᠢᠨ ᠦᠵᠡᠵᠦ᠄ ᠨᠢᠭᠡ ᠭᠠᠵᠠᠷ ᠲᠤ ︽ᠨᠣᠶᠠᠨ︾ ᠰᠠᠭᠤᠪᠠᠯ᠂ ᠨᠢᠭᠡ ᠭᠠᠵᠠᠷ ᠤᠨ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ
ᠨᠡᠶᠢᠲᠡᠯᠡᠭᠰᠡᠨ ᠴᠠᠭ᠄
2024/10/23

       ᠰᠢ ᠶᠢᠨ ᠫᠢᠩ᠄ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠬᠥᠳᠡᠭᠡ ᠲᠤᠰᠬᠤᠨ ᠯᠠᠪᠲᠠᠢ ᠨᠡᠩ ᠭᠡᠭᠡᠨ

ᠰᠠᠷᠠᠭᠤᠯ ᠢᠷᠡᠭᠡᠳᠦᠢ ᠲᠠᠢ ᠪᠣᠯᠵᠤ᠂ ᠲᠠᠷᠢᠶᠠᠴᠢᠳ ᠨᠡᠩ ᠬᠥᠭᠵᠢᠶᠡᠨᠲᠡᠢ ᠠᠮᠢᠳᠤᠷᠠᠬᠤ ᠪᠣᠯᠣᠨ᠎ᠠ

     

       15 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠹᠦᠵᠢᠶᠠᠨ ᠤ ᠵᠠᠩᠵᠸᠤ

ᠬᠤᠲᠠ ᠶᠢᠨ ᠳ᠋ᠦᠩ ᠱᠠᠨ ᠰᠢᠶᠠᠨ ᠤ ᠴᠧᠨ ᠴᠧᠩ ᠪᠠᠯᠭᠠᠰᠤᠨ ᠤ ᠤᠤ ᠵᠢᠶᠣᠣ ᠲᠣᠰᠬᠤᠨ ᠳᠤ ᠬᠦᠷᠴᠦ ᠰᠢᠨᠵᠢᠯᠡᠨ

ᠪᠠᠶᠢᠴᠠᠭᠠᠵᠤ᠂ ᠲᠣᠰᠬᠤᠨ ᠤ ᠭᠠᠷᠠᠮ ᠳᠤ ᠳᠠᠯᠠᠢ ᠶᠢᠨ ᠢᠳᠡᠭᠡᠨ ᠤ ᠬᠠᠲᠠᠭᠠᠮᠠᠯ ᠪᠣᠯᠣᠨ ᠵᠢᠭᠠᠰᠤᠨ ᠤ ᠭᠠᠷᠤᠯᠲᠠ ᠶᠢ

ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ

ᠪᠠᠶᠢᠭ᠎ᠠ ᠪᠠᠶᠢᠳᠠᠯ ᠢ ᠣᠶᠢᠯᠠᠭᠠᠪᠠ᠃ 2001 ᠣᠨ ᠳᠤ᠂ ᠹᠦᠵᠢᠶᠠᠨ ᠮᠤᠵᠢ ᠳᠤ ᠠᠵᠢᠯᠯᠠᠵᠤ ᠪᠠᠶᠢᠭᠰᠠᠨ

ᠬᠤᠭᠤᠴᠠᠭᠠᠨ ᠳᠤ ᠪᠠᠨ ᠲᠡᠷᠡ ᠠᠳᠡ ᠢᠷᠡᠵᠦ ᠥᠩᠭᠡᠷᠡᠭᠰᠡᠨ ᠶᠤᠮ᠃ 23 ᠵᠢᠯ ᠤᠨ ᠳᠠᠷᠠᠭ᠎ᠠ᠂ ᠬᠥᠳᠡᠭᠡ ᠲᠣᠰᠬᠤᠨ ᠳᠤ

ᠯᠤᠲᠤ ᠶᠡᠭᠡ ᠬᠤᠪᠢᠷᠠᠯᠲᠠ ᠭᠠᠷᠤᠭᠰᠠᠨ ᠢ ᠦᠵᠡᠭᠡᠳ᠂ ᠰᠢ ᠶᠢᠨ ᠫᠢᠩ ᠶᠡᠬᠡᠳᠡ ᠪᠠᠶᠠᠷᠯᠠᠪᠠ᠃ ᠲᠡᠷᠡ᠂ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠳᠠᠪᠠᠭᠤᠯᠢᠭ ᠢᠶᠠᠨ ᠪᠠᠳᠠᠷᠠᠭᠤᠯᠵᠤ᠂ ︽ᠳᠠᠯᠠᠢ︾ ᠳᠤ ᠲᠦᠰᠢᠭᠯᠡᠬᠦ ᠡᠨᠡ ᠬᠦ

ᠠᠵᠢᠯ ᠢ ᠰᠠᠶᠢᠲᠤᠷ ᠬᠢᠬᠦ ᠬᠡᠷᠡᠭᠲᠡᠢ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠬᠥᠳᠡᠭᠡ ᠲᠣᠰᠬᠤᠨ ᠯᠠᠪᠲᠠᠢ ᠨᠡᠩ

ᠭᠡᠭᠡᠨ ᠰᠠᠷᠠᠭᠤᠯ ᠢᠷᠡᠭᠡᠳᠦᠢ ᠲᠠᠢ ᠪᠣᠯᠵᠤ᠂ ᠲᠠᠷᠢᠶᠠᠴᠢᠳ ᠨᠡᠩ ᠬᠥᠭᠵᠢᠶᠡᠨᠲᠡᠢ ᠠᠮᠢᠳᠤᠷᠠᠬᠤ ᠪᠣᠯᠣᠨ᠎ᠠ᠃ ᠲᠠ ᠨᠠᠷ ᠤᠨ

ᠠᠮᠢᠳᠤᠷᠠᠯ ᠡᠳᠦᠷ ᠠᠴᠠ ᠡᠳᠦᠷ ᠥᠭᠡᠳᠡᠯᠡᠨ ᠰᠠᠶᠢᠵᠢᠷᠠᠬᠤ ᠶᠢ ᠵᠥᠩᠨᠡᠶ᠎ᠡ ᠭᠡᠵᠦ ᠰᠡᠳᠬᠢᠯ ᠳᠣᠭᠳᠣᠯᠤᠨ ᠬᠡᠯᠡᠪᠡ᠃

       ᠰᠢ ᠶᠢᠨ ᠫᠢᠩ ᠬᠦ᠋ ᠸᠧᠨ ᠴᠠᠩ ᠤᠨ ᠳᠤᠷᠠᠰᠬᠠᠯ ᠤᠨ ᠣᠷᠳᠣᠨ ᠢ ᠲᠣᠭᠤᠷᠢᠨ ᠦᠵᠡᠵᠦ᠄ ᠨᠢᠭᠡ ᠭᠠᠵᠠᠷ ᠲᠤ

︽ᠨᠣᠶᠠᠨ︾ ᠰᠠᠭᠤᠪᠠᠯ᠂ ᠨᠢᠭᠡ ᠭᠠᠵᠠᠷ ᠤᠨ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ

      15 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠹᠦᠵᠢᠶᠠᠨ ᠤ ᠵᠠᠩᠵᠸᠤ

ᠬᠤᠲᠠ ᠶᠢᠨ ᠳ᠋ᠦᠩ ᠱᠠᠨ ᠰᠢᠶᠠᠨ ᠤ ᠬᠥ᠋ ᠸᠧᠨ ᠴᠠᠩ ᠤᠨ ᠳᠤᠷᠠᠰᠬᠠᠯ ᠤᠨ ᠣᠷᠳᠣᠨ ᠳᠤ ᠬᠦᠷᠴᠦ᠂ ᠬᠥ᠋ ᠸᠧᠨ ᠴᠠᠩ

ᠨᠥᠬᠦᠷ ᠤᠨ ᠰᠡᠳᠬᠢᠯ ᠳᠣᠭᠳᠣᠯᠤᠭᠤᠯᠤᠮ᠎ᠠ ᠦᠢᠯᠡ ᠬᠡᠷᠡᠭ ᠤᠳ ᠢ ᠣᠶᠢᠯᠠᠭᠠᠵᠤ᠂ ᠬᠥ᠋ ᠸᠧᠨ ᠴᠠᠩ ᠨᠡᠷᠡᠮᠵᠢᠲᠦ

ᠺᠠᠳ᠋ᠷ ᠤᠨ ᠳᠡᠭᠡᠳᠦ ᠰᠤᠷᠭᠠᠭᠤᠯᠢ ᠶᠢᠨ ᠪᠠᠭᠰᠢ᠂ ᠰᠤᠷᠤᠭᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃

ᠰᠢ ᠶᠢᠨ ᠫᠢᠩ᠂ ᠭᠦ᠋ ᠸᠧᠨ ᠴᠠᠩ ᠨᠥᠬᠦᠷ ᠹᠦᠵᠢᠶᠠᠨ ᠳᠤ ᠠᠯᠳᠠᠷ ᠴᠤᠤ ᠲᠠᠢ᠂ ᠬᠥᠮᠥᠰ ᠤᠨ ᠰᠡᠳᠬᠢᠯ ᠳᠤ ᠭᠦᠨ

ᠬᠠᠳᠠᠩᠰᠢᠭᠰᠠᠨ ᠪᠠᠶᠢᠨ᠎ᠠ᠂ ᠲᠡᠷᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠭ ᠲᠦᠮᠡᠨ ᠰᠢᠯᠢᠳᠡᠭ

ᠤᠳᠤᠷᠢᠳᠬᠤ ᠺᠠᠳ᠋ᠷ ᠤᠨ ᠨᠢᠭᠡᠨ ᠲᠥᠯᠥᠭᠡᠯᠡᠭᠴᠢ ᠪᠣᠯᠣᠨ᠎ᠠ᠃ ᠪᠢᠳᠡ ᠲᠡᠭᠦᠨ ᠤ ᠦᠢᠯᠡ ᠠᠵᠢᠯᠯᠠᠭ᠎ᠠ ᠠᠴᠠ

ᠰᠣᠷᠣᠯᠴᠠᠬᠤ ᠳᠤ ᠪᠠᠨ᠂ ᠥᠨᠳᠥᠷ ᠥᠭᠡᠳᠡ ᠮᠡᠷᠡᠶᠢᠬᠦ ᠢᠶᠠᠷ ᠪᠠᠷᠠᠬᠤ ᠦᠭᠡᠢ᠂ ᠪᠠᠰᠠ ᠮᠡᠷᠭᠡᠳ ᠢ ᠲᠠᠭᠠᠨ ᠰᠤᠷᠴᠤ᠂

ᠲᠡᠭᠦᠨ ᠲᠠᠢ ᠠᠳᠠᠯᠢ ᠪᠠᠷ ᠬᠥᠮᠥᠨ ᠪᠣᠯᠵᠤ᠂ ᠵᠠᠰᠠᠭ ᠪᠠᠷᠢᠵᠤ᠂ ︽ᠨᠢᠭᠡ ᠭᠠᠵᠠᠷ ᠲᠤ ︿ᠨᠣᠶᠠᠨ﹀ ᠰᠠᠭᠤᠪᠠᠯ᠂ ᠨᠢᠭᠡ

ᠭᠠᠵᠠᠷ ᠤᠨ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ︾᠂ ᠭᠠᠭᠴᠠ ᠡᠨᠡ ᠵᠠᠮ ᠢᠶᠠᠷ ᠵᠠᠮᠨᠠᠬᠤ ᠨᠢ ᠰᠠᠶ᠋ᠢ

ᠬᠥᠮᠥᠨ ᠤ ᠶᠢᠷᠲᠢᠨᠴᠦ ᠶᠢᠨ ᠲᠥᠪ ᠶᠣᠰᠣ ᠶᠤᠮ ᠭᠡᠵᠡᠢ᠃

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号