ᠰᠢᠨᠬᠤᠸᠠ ᠬᠤᠷᠢᠶ᠎ᠠ ᠶᠢᠨ ᠰᠢᠶᠠᠮᠧᠨ ᠤ 10 ᠰᠠᠷ᠎ᠠ ᠶᠢᠨ 16 ᠤ ᠴᠠᠭᠢᠯᠭᠠᠨ ᠮᠡᠳᠡᠭᠡ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠹᠦᠵᠢᠶᠠᠨ ᠳᠤ ᠰᠢᠨᠵᠢᠯᠡᠨ | ᠪᠠᠶᠢᠴᠠᠭᠠᠬᠤ ᠳᠠᠭᠠᠨ᠂ ᠹᠦᠵᠢᠶᠠᠨ ᠮᠤᠵᠢ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠲᠣᠭᠲᠠᠴᠠ | ᠨᠢ ᠠᠮᠢᠳᠤᠯᠢᠭ᠂ ᠠᠵᠤ ᠦᠢᠯᠡᠰ ᠨᠢ ᠰᠢᠯᠢᠳᠡᠭ᠂ ᠠᠷᠠᠳ ᠨᠢ ᠪᠠᠶᠠᠨ᠂ ᠠᠮᠢ ᠠᠬᠤᠢ ᠨᠢ ᠦᠵᠡᠰᠬᠦᠯᠡᠩᠲᠦ ᠰᠠᠶᠢᠬᠠᠨ | ᠰᠢᠨ᠎ᠡ ᠹᠦᠵᠢᠶᠠᠨ ᠢ ᠪᠦᠲᠦᠭᠡᠨ ᠪᠠᠶᠢᠭᠤᠯᠬᠤ ᠬᠠᠷᠠᠯᠲᠠ ᠶᠢ ᠰᠤᠯᠠᠷᠠᠭᠤᠯᠤᠯ ᠦᠭᠡᠢ ᠠᠳᠬᠤᠵᠤ᠂ ᠨᠢᠭᠡ ᠵᠢᠷᠤᠭ | ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠨ | ᠪᠦᠲᠦᠭᠡᠨ ᠪᠠᠶᠢᠭᠤᠯᠬᠤ ᠲᠠᠯ᠎ᠠ ᠪᠠᠷ ᠦᠷᠭᠦᠯᠵᠢᠯᠡᠨ ᠨᠡᠩ ᠶᠡᠭᠡ ᠳᠠᠪᠰᠢᠯᠲᠠ ᠲᠠᠢ ᠪᠣᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠠᠯ᠎ᠠ ᠪᠠᠷ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠲᠠᠶᠢᠸᠠᠨ | ᠬᠤᠭᠤᠯᠠᠢ ᠶᠢᠨ ᠬᠤᠶᠠᠷ ᠭᠦᠪᠡᠭᠡ ᠶᠢᠨ ᠠᠭᠤᠰᠤᠯᠴᠠᠨ ᠬᠥᠭᠵᠢᠬᠦ ᠰᠢᠨ᠎ᠡ ᠵᠠᠮ ᠢ ᠬᠠᠶᠢᠨ ᠰᠦᠪᠡᠭᠴᠢᠯᠡᠬᠦ ᠲᠠᠯ᠎ᠠ ᠪᠠᠷ | ᠨᠡᠩ ᠶᠡᠭᠡ ᠠᠯᠬᠤᠮ ᠢ ᠠᠯᠬᠤᠵᠤ᠂ ᠴᠢᠨᠠᠷᠯᠢᠭ ᠠᠮᠢᠳᠤᠷᠠᠯ ᠢ ᠴᠣᠭᠴᠠᠯᠠᠬᠤ ᠲᠠᠯ᠎ᠠ ᠪᠠᠷ ᠨᠠᠩ ᠶᠡᠭᠡ ᠰᠢᠪᠲᠤᠯᠤᠯᠲᠠ | ᠭᠠᠷᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠦᠭᠦ | ᠲᠠᠯ᠎ᠠ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ | ᠳᠤᠮᠳᠠ ᠲᠡᠷᠢᠭᠦᠨ ᠤ ᠬᠢ ᠪᠤᠯᠬᠤ ᠪᠠᠷ ᠵᠣᠷᠢᠭᠲᠠᠢ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃ | | 10 ᠰᠠᠷ᠎ᠠ ᠶᠢᠨ 15 ᠤ ᠡᠳᠦᠷ ᠠᠴᠠ 16 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠹᠦᠵᠢᠶᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 15 ᠤ | ᠦᠳᠡ ᠶᠢᠨ ᠬᠤᠶᠢᠨ᠎ᠠ᠂ ᠰᠢ ᠶᠢᠨ ᠫᠢᠩ ᠵᠠᠩᠵᠸᠤ ᠬᠤᠳᠠ ᠶᠢᠨ ᠳ᠋ᠦᠩᠱᠠᠨ ᠰᠢᠶᠠᠨ ᠤ ᠴᠧᠨᠴᠧᠩ ᠪᠠᠯᠭᠠᠰᠤᠨ ᠤ ᠤᠤ | ᠵᠢᠶᠣᠣ ᠲᠣᠰᠬᠤᠨ ᠳᠤ ᠰᠢᠨᠵᠢᠯᠡᠨ ᠪᠠᠶᠢᠴᠠᠭᠠᠬᠤ ᠳᠠᠭᠠᠨ ᠵᠢᠭᠠᠰᠤᠴᠢᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | 10 ᠰᠠᠷ᠎ᠠ ᠶᠢᠨ 15 ᠤ ᠡᠳᠦᠷ ᠠᠴᠠ 16 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠹᠦᠵᠢᠶᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 16 ᠤ | ᠦᠳᠡ ᠶᠢᠨ ᠡᠮᠦᠨ᠎ᠡ᠂ ᠰᠢ ᠶᠢᠨ ᠫᠢᠩ ᠳᠤᠮᠳᠠᠳᠤ ᠤᠯᠤᠰ ︵ᠹᠦᠵᠢᠶᠠᠨ︶ ᠤᠨ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠤ ᠰᠢᠶᠠᠮᠧᠨ ᠤ ᠬᠡᠰᠡᠭ ᠢ ᠰᠢᠨᠵᠢᠯᠡᠨ ᠪᠠᠶᠢᠴᠠᠭᠠᠬᠤ ᠳᠠᠭᠠᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠢᠩᠬᠢᠮ ᠤᠨ ᠴᠣᠩᠬᠤᠪᠴᠢ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ 10 ᠰᠠᠷ᠎ᠠ ᠶᠢᠨ 15 ᠤ ᠡᠳᠦᠷ ᠠᠴᠠ 16 ᠤ | ᠡᠳᠦᠷ ᠪᠤᠯᠲᠠᠯ᠎ᠠ᠂ ᠰᠢ ᠶᠢᠨ ᠫᠢᠩ ᠹᠦᠵᠢᠶᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠧᠦ ᠽᠦ ᠢ ᠪᠣᠯᠣᠨ | ᠮᠤᠵᠢ ᠶᠢᠨ ᠳᠠᠷᠤᠭ᠎ᠠ ᠵᠣᠣ ᠯᠦᠩ ᠤᠨ ᠪᠠᠷ᠎ᠠ ᠪᠤᠯᠣᠯᠭ᠎ᠠ ᠲᠠᠢ ᠪᠠᠷ ᠤᠷᠢᠳ ᠬᠤᠵᠢᠳ ᠵᠠᠩᠵᠸᠦ᠂ ᠰᠢᠶᠠᠮᠧᠨ ᠵᠡᠷᠭᠡ | ᠭᠠᠵᠠᠷ ᠲᠤ ᠬᠦᠷᠴᠦ᠂ ᠬᠥᠳᠡᠭᠡ ᠲᠣᠰᠬᠤᠨ᠂ ᠬᠤᠪᠢᠰᠬᠠᠯ ᠤᠨ ᠬᠥᠮᠦᠵᠢᠯ ᠤᠨ ᠰᠠᠭᠤᠷᠢᠨ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠵᠡᠷᠭᠡ ᠳᠤ | ᠭᠦᠨᠵᠡᠭᠡᠶᠢᠷᠡᠨ ᠰᠢᠨᠵᠢᠯᠡᠨ ᠪᠠᠶᠢᠴᠠᠭᠠᠪᠠ᠃ | 15 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠵᠠᠩᠵᠸᠤ ᠬᠤᠳᠠ ᠶᠢᠨ ᠳ᠋ᠦᠩᠱᠠᠨ ᠰᠢᠶᠠᠨ ᠳᠤ | ᠰᠢᠨᠵᠢᠯᠡᠨ ᠪᠠᠶᠢᠴᠠᠭᠠᠪᠠ᠃ ᠲᠤᠰ ᠰᠢᠶᠠᠨ ᠤ ᠵᠡᠭᠦᠨ ᠡᠮᠦᠨ᠎ᠡ ᠪᠡᠶ᠎ᠡ ᠶᠢᠨ ᠴᠧᠨᠴᠧᠩ ᠪᠠᠯᠭᠠᠰᠤᠨ ᠤ ᠤᠤ ᠵᠢᠶᠣᠣ | ᠲᠣᠰᠬᠤᠨ ᠭᠤᠷᠪᠠᠨ ᠲᠠᠯ᠎ᠠ ᠪᠠᠷ ᠢᠶᠠᠨ ᠳᠠᠯᠠᠢ ᠲᠠᠢ ᠵᠠᠯᠭᠠᠯᠳᠤᠵᠤ᠂ ᠣᠶᠢᠷ᠎ᠠ ᠶᠢᠨ ᠵᠢᠯ ᠳᠤ ᠳᠠᠯᠠᠢ ᠳᠤ ᠲᠦᠰᠢᠭᠯᠡᠨ | ᠲᠣᠰᠬᠤᠨ ᠢᠶᠠᠨ ᠮᠠᠨᠳᠤᠭᠤᠯᠬᠤ᠂ ᠳᠠᠯᠠᠢ ᠳᠤ ᠲᠦᠰᠢᠭᠯᠡᠨ ᠲᠣᠰᠬᠤᠨ ᠢᠶᠠᠨ ᠬᠦᠴᠦᠷᠬᠡᠭᠵᠢᠭᠦᠯᠬᠦ ᠰᠢᠨ᠎ᠡ ᠵᠠᠮ ᠢᠶᠠᠷ | ᠵᠠᠮᠨᠠᠪᠠ᠃ ᠰᠢ ᠶᠢᠨ ᠫᠢᠩ ᠤᠤ ᠵᠢᠶᠣᠣ ᠪᠤᠯᠤᠩ ᠤᠨ ᠳᠠᠯᠠᠢ ᠶᠢᠨ ᠣᠷᠣᠨ ᠤ ᠣᠷᠴᠢᠨ ᠲᠣᠭᠤᠷᠢᠨ ᠪᠠ ᠲᠣᠰᠬᠤᠨ ᠤ | ᠳᠦᠷᠰᠦ ᠪᠠᠶᠢᠳᠠᠯ ᠢ ᠶᠠᠪᠠᠭᠠᠨ ᠢᠶᠠᠷ ᠪᠠᠶᠢᠴᠠᠭᠠᠨ ᠦᠵᠡᠵᠦ᠂ ᠳᠠᠯᠠᠢ ᠶᠢᠨ ᠢᠳᠡᠭᠡᠨ ᠤ ᠪᠠᠷᠠᠭ᠎ᠠ ᠪᠠ ᠵᠢᠭᠠᠰᠤᠨ ᠤ | ᠭᠠᠷᠤᠯᠲᠠ ᠶᠢᠨ ᠠᠷᠠᠯᠵᠢᠶᠠᠨ ᠤ ᠪᠠᠶᠢᠳᠠᠯ ᠢ ᠨᠠᠷᠢᠨ ᠣᠶᠢᠯᠠᠭᠠᠪᠠ᠃ ᠴᠥᠭᠡᠨ ᠪᠤᠰᠤ ᠲᠡᠯᠡᠶ ᠶᠢᠨ ᠭᠠᠷᠤᠯᠲᠠ ᠶᠢᠨ | ᠬᠤᠳᠠᠯᠳᠤᠨ ᠠᠪᠬᠤ ᠪᠠ ᠪᠣᠷᠣᠯᠠᠭᠤᠯᠬᠤ ᠠᠵᠢᠯ ᠴᠥᠮ ᠬᠥᠭᠵᠢᠶᠡᠨ ᠲᠠᠢ ᠪᠠᠶᠢᠵᠤ᠂ ᠲᠣᠰᠬᠤᠨ ᠤ ᠠᠷᠠᠳ ᠤᠨ | ᠣᠷᠣᠯᠭ᠎ᠠ ᠲᠠᠰᠤᠷᠠᠯᠲᠠ ᠦᠭᠡᠢ ᠨᠡᠮᠡᠭᠳᠡᠵᠦ ᠪᠠᠶᠢᠬᠤ ᠶᠢ ᠰᠣᠨᠣᠰᠤᠭᠠᠳ ᠰᠢ ᠶᠢᠨ ᠫᠢᠩ ᠮᠠᠰᠢ ᠪᠠᠶᠠᠷᠯᠠᠪᠠ᠃ ᠲᠡᠷᠡ | ᠬᠦᠷᠦᠯᠴᠡᠨ ᠢᠷᠡᠭᠰᠡᠨ ᠲᠣᠰᠬᠤᠨ ᠤ ᠠᠷᠠᠳ ᠪᠣᠯᠣᠨ ᠵᠢᠭᠠᠰᠤᠴᠢᠨ ᠳᠤ᠂ ᠪᠢ 23 ᠵᠢᠯ ᠤᠨ ᠡᠮᠦᠨ᠎ᠡ ᠲᠠᠨ ᠤ | ᠲᠤᠰᠬᠤᠨ ᠳᠤ ᠢᠷᠡᠵᠦ ᠥᠩᠭᠡᠷᠡᠭᠰᠡᠨ ᠶᠤᠮ᠂ ᠣᠳᠣ ᠪᠤᠯᠲᠠᠯ᠎ᠠ ᠭᠦᠨ ᠰᠠᠭᠤᠭᠳᠠᠯ ᠲᠠᠢ ᠪᠠᠶᠢᠨ᠎ᠠ᠃ ᠡᠨᠡ ᠤᠳᠠᠭ᠎ᠠ | ᠲᠣᠰᠬᠤᠨ ᠳᠤ ᠮᠠᠰᠢ ᠶᠡᠭᠡ ᠬᠤᠪᠢᠷᠠᠯᠲᠠ ᠭᠠᠷᠤᠭᠰᠠᠨ ᠢ ᠦᠵᠡᠭᠡᠳ ᠲᠤᠩ ᠪᠠᠶᠠᠷᠯᠠᠵᠤ᠂ ᠲᠤᠩ ᠳᠣᠭᠳᠣᠯᠵᠤ ᠪᠠᠶᠢᠨ᠎ᠠ᠃ | ᠰᠢᠨ᠎ᠡ ᠴᠠᠭ ᠦᠶ᠎ᠡ ᠰᠢᠨ᠎ᠡ ᠠᠶᠠᠨ ᠳᠤ ᠬᠥᠳᠡᠭᠡ ᠲᠣᠰᠬᠤᠨ ᠯᠠᠪᠲᠠᠢ ᠨᠡᠩ ᠭᠡᠭᠡᠨ ᠰᠠᠷᠠᠭᠤᠯ ᠢᠷᠡᠭᠡᠳᠦᠢ ᠲᠠᠢ ᠪᠣᠯᠵᠤ᠂ | ᠲᠠᠷᠢᠶᠠᠴᠢᠳ ᠨᠡᠩ ᠬᠥᠭᠵᠢᠶᠡᠨᠲᠦ ᠠᠮᠢᠳᠤᠷᠠᠯ ᠲᠠᠢ ᠪᠤᠯᠬᠤ ᠶᠤᠮ᠃ ᠲᠣᠰᠬᠤᠨ ᠤ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠤᠬ᠎ᠠ ᠲᠡᠷᠭᠡᠨ ᠤ ᠦᠢᠯᠡᠳᠦᠯ ᠢᠶᠠᠨ ᠪᠠᠳᠠᠷᠠᠭᠤᠯᠵᠤ᠂ ᠨᠤᠲᠤᠭ ᠤᠨ ᠠᠬ᠎ᠠ ᠳᠡᠭᠦᠦ ᠨᠠᠷ ᠢᠶᠠᠨ | ᠳᠠᠭᠠᠭᠤᠯᠤᠨ ︽ᠲᠠᠯᠠᠢ ᠲᠠᠩᠭᠢᠰ︾ ᠤᠨ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠬᠠᠮᠲᠤ ᠪᠠᠷ ᠪᠠᠶᠠᠵᠢᠬᠤ ᠵᠠᠮ ᠳᠡᠭᠡᠷ᠎ᠡ ᠴᠤᠴᠠᠯᠲᠠ ᠦᠭᠡᠢ ᠤᠷᠤᠭᠰᠢᠯᠠᠬᠤ ᠬᠡᠷᠡᠭᠲᠡᠢ ᠭᠡᠪᠡ᠃ | ᠲᠠᠷᠠᠭ᠎ᠠ ᠨᠢ᠂ ᠰᠢ ᠶᠢᠨ ᠫᠢᠩ ᠭᠦ᠋ ᠸᠧᠨ ᠴᠠᠩ ᠤᠨ ᠳᠤᠷᠠᠰᠬᠠᠯ ᠤᠨ ᠣᠷᠳᠣᠨ ᠳᠤ ᠬᠦᠷᠴᠦ᠂ ᠭᠦ᠋ ᠸᠧᠨ ᠴᠠᠩ | ᠨᠥᠬᠦᠷ ᠤᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠣᠶᠢᠯᠠᠭᠠᠵᠤ᠂ ᠲᠤᠬᠠᠢ ᠶᠢᠨ ᠭᠠᠵᠠᠷ ᠤᠨ ᠬᠤᠪᠢᠰᠬᠠᠯᠲᠤ | ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠪᠠᠶᠢᠬᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠭᠦ᠋ ᠸᠧᠨ ᠴᠠᠩ | ᠺᠠᠳ᠋ᠷ ᠤᠨ ᠳᠡᠭᠡᠳᠦ ᠰᠤᠷᠭᠠᠭᠤᠯᠢ ᠶᠢᠨ ᠪᠠᠭᠰᠢ᠂ ᠰᠤᠷᠤᠬᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ | ᠰᠢ ᠶᠢᠨ ᠫᠢᠩ᠂ ᠺᠠᠳ᠋ᠷ ᠤᠨ ᠠᠵᠢᠯ ᠤᠨ ᠠᠮᠵᠢᠯᠲᠠ ᠶᠢᠨ ᠰᠠᠶᠢᠨ ᠮᠠᠭᠤ ᠶᠢ ᠬᠡᠮᠵᠢᠬᠦ ᠳᠤ ᠵᠠᠩᠭᠢᠯᠠᠭ᠎ᠠ ᠨᠢ ᠠᠷᠠᠳ | ᠤᠯᠠᠨ ᠤ ᠮᠠᠭᠲᠠᠭᠠᠯ ᠰᠠᠶᠢᠰᠢᠶᠠᠯ ᠰᠠᠶᠢᠨ ᠡᠰᠡᠬᠦ ᠶᠢ ᠦᠵᠡᠨ᠎ᠡ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠭᠦ᠋ ᠸᠧᠨ | ᠴᠠᠩ ᠨᠥᠬᠦᠷ ᠠᠴᠠ ᠲᠠᠭᠠᠨ ᠰᠤᠷᠤᠯᠴᠠᠵᠤ᠂ ᠠᠵᠢᠯ ᠤᠨ ᠪᠦᠲᠦᠮᠵᠢ ᠶᠢᠨ ᠵᠥᠪ ᠦᠵᠡᠯᠲᠡ ᠶᠢ ᠪᠠᠲᠤ ᠪᠤᠢ ᠪᠤᠯᠭᠠᠵᠤ᠂ | ᠳᠠᠷᠤᠭ᠎ᠠ ᠲᠤᠰᠢᠶᠠᠯᠲᠠᠨ ᠪᠣᠯᠪᠠᠰᠤ ᠭᠠᠵᠠᠷ ᠣᠷᠣᠨ ᠤ ᠠᠷᠠᠳ ᠲᠠᠭᠠᠨ ᠪᠤᠶᠠᠨ ᠦᠢᠯᠡᠳᠴᠦ᠂ ᠦᠨᠡᠨ ᠬᠦ ᠠᠳᠬᠤᠨ | ᠪᠣᠳᠠᠲᠠᠢ ᠠᠵᠢᠯᠯᠠᠵᠤ᠂ ᠤᠷᠳᠤ ᠬᠤᠭᠤᠴᠠᠭ᠎ᠠ ᠪᠠᠷ ᠵᠢᠳᠬᠦᠨ ᠴᠢᠷᠮᠠᠶᠢᠵᠤ᠂ ᠥᠷᠯᠥᠭ ᠬᠥᠰᠢᠶ᠎ᠡ ᠶᠢ ᠠᠷᠠᠳ ᠤᠯᠠᠨ ᠤ | ᠰᠡᠳᠬᠢᠯ ᠳᠤ ᠱᠤᠭᠤᠬᠤ ᠬᠡᠷᠡᠭᠲᠡᠢ᠃ ᠭᠦ᠋ ᠸᠧᠨ ᠴᠠᠩ ᠨᠥᠬᠦᠷ ᠠᠴᠠ ᠰᠤᠷᠤᠯᠴᠠᠬᠤ ᠳᠤ᠂ ᠲᠡᠭᠦᠨ ᠤ ᠮᠣᠷᠠᠯ ᠡᠷᠳᠡᠮ | ᠬᠤᠣᠰᠯᠠᠭᠰᠠᠨ ᠡᠷᠬᠢᠮ ᠳᠡᠭᠡᠳᠦ ᠵᠠᠩ ᠰᠤᠷᠲᠠᠯ ᠢ ᠨᠢ ᠪᠢᠰᠢᠷᠡᠨ ᠰᠤᠷᠤᠯᠴᠠᠬᠤ ᠪᠠᠷ ᠪᠠᠷᠠᠬᠤ ᠦᠭᠡᠢ᠂ ᠲᠡᠭᠦᠨ ᠰᠢᠭ | ᠬᠥᠮᠥᠨ ᠪᠣᠯᠵᠤ ᠵᠠᠰᠠᠭ ᠪᠠᠷᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠭᠤᠸᠠᠨ ᠳ᠋ᠢ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ᠂ ᠰᠢ ᠶᠢᠨ ᠫᠢᠩ ᠲᠤᠬᠠᠢ ᠶᠢᠨ ᠭᠠᠵᠠᠷ ᠤᠨ | ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠬᠤᠶᠠᠷ ᠬᠥᠪᠡᠭᠡᠨ ᠤ ᠰᠣᠶᠣᠯ ᠤᠨ ᠰᠣᠯᠢᠯᠴᠠᠭ᠎ᠠ ᠶᠢ | ᠠᠬᠢᠭᠤᠯᠵᠤ ᠪᠠᠶᠢᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠲᠡᠷᠡ᠂ ᠰᠣᠶᠣᠯ ᠤᠨ ᠥᠪ ᠪᠣᠯ ᠡᠪᠦᠭᠡ | ᠳᠡᠭᠡᠳᠦᠰ ᠤᠨ ᠦᠯᠡᠳᠡᠭᠡᠭᠰᠡᠨ ᠡᠷᠬᠢᠮ ᠨᠠᠨᠳᠢᠨ ᠥᠪ ᠬᠥᠷᠥᠩᠭᠡ ᠮᠥᠨ᠂ ᠰᠠᠶᠢᠲᠤᠷ ᠬᠠᠮᠠᠭᠠᠯᠠᠵᠤ᠂ ᠰᠠᠶᠢᠲᠤᠷ | ᠤᠯᠠᠮᠵᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | 16 ᠤ ᠦᠳᠡ ᠶᠢᠨ ᠡᠮᠦᠨ᠎ᠡ᠂ ᠰᠢ ᠶᠢᠨ ᠫᠢᠩ ᠰᠢᠶᠠᠮᠧᠨ ᠳᠤ ᠳᠤᠮᠳᠠᠳᠤ ᠤᠯᠤᠰ ︵ᠹᠦᠵᠢᠶᠠᠨ︶ ᠤᠨ ᠴᠢᠯᠦᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠤ ᠰᠢᠶᠠᠮᠧᠨ ᠤ ᠬᠡᠰᠡᠭ ᠢ ᠰᠢᠨᠵᠢᠯᠡᠨ ᠪᠠᠶᠢᠴᠠᠭᠠᠪᠠ᠃ ᠲᠡᠷᠡ ᠴᠢᠯᠦᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠶᠢ | ᠲᠣᠭᠤᠷᠢᠨ ᠦᠵᠡᠵᠦ᠂ ᠲᠤᠬᠠᠢ ᠶᠢᠨ ᠭᠠᠵᠠᠷ ᠤᠨ ᠥᠭᠡᠷᠡᠴᠢᠯᠡᠯᠲᠡ ᠨᠡᠭᠡᠭᠡᠯᠲᠡ ᠶᠢ ᠥᠷᠭᠡᠳᠬᠡᠬᠦ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠰᠢᠨ᠎ᠡ ᠵᠠᠮ ᠢ ᠬᠠᠶᠢᠨ ᠰᠦᠪᠡᠭᠴᠢᠯᠡᠬᠦ ᠵᠡᠷᠭᠡ | ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠤᠨ ᠴᠣᠩᠬᠤᠪᠴᠢ ᠶᠢᠨ | ᠠᠵᠢᠯᠲᠠᠳ ᠲᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠰᠢᠶᠠᠮᠧᠨ ᠣᠨᠴᠠᠭᠠᠢ ᠣᠷᠣᠨ 40 ᠭᠠᠷᠤᠢ ᠵᠢᠯ ᠤᠨ | ᠬᠥᠭᠵᠢᠯᠲᠡ ᠪᠠᠷ ᠳᠠᠮᠵᠢᠨ ᠲᠤᠬᠠᠢ ᠶᠢᠨ ᠵᠢᠯ ᠳᠤ ᠲᠥᠰᠥᠭᠡᠯᠡᠬᠦᠶ᠎ᠡ ᠪᠡᠷᠬᠡ ᠯᠤᠲᠤ ᠶᠡᠭᠡ ᠬᠤᠪᠢᠷᠠᠯᠲᠠ ᠭᠠᠷᠴᠠᠢ᠃ | ᠥᠨᠥᠳᠥᠷ ᠥᠭᠡᠷᠡᠴᠢᠯᠡᠯᠲᠡ ᠨᠡᠭᠡᠭᠡᠯᠲᠡ ᠶᠢ ᠠᠳᠬᠤᠬᠤ ᠶᠢᠨ ᠭᠦᠨᠴᠡ ᠪᠠ ᠥᠷᠭᠡᠴᠡ ᠶᠢᠨ ᠲᠠᠯ᠎ᠠ ᠪᠠᠷ ᠴᠥᠮ | ᠥᠩᠭᠡᠷᠡᠭᠰᠡᠨ ᠤ ᠱᠠᠭᠠᠷᠳᠠᠯᠭ᠎ᠠ ᠠᠴᠠ ᠨᠡᠩ ᠥᠨᠳᠥᠷ ᠪᠣᠯᠪᠠ᠃ ᠹᠦᠵᠢᠶᠠᠨ ᠪᠣᠯᠣᠨ ᠰᠢᠶᠠᠮᠧᠨ ᠤ ᠬᠢᠨ ᠪᠠᠶᠢᠳᠠᠯ ᠤᠨ | ᠬᠥᠭᠵᠢᠯᠲᠡ ᠳᠤ ᠵᠣᠬᠢᠴᠠᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠠᠬᠢᠭᠤᠯᠵᠤ᠂ ᠣᠯᠠᠨ | ᠤᠯᠤᠰ ᠤᠨ ᠥᠨᠳᠥᠷ ᠪᠠᠷᠢᠮᠵᠢᠶ᠎ᠠ ᠪᠠᠷ ᠭᠦᠨ ᠬᠠᠭᠠᠯᠪᠤᠷᠢᠯᠠᠵᠤ ᠨᠠᠷᠢᠯᠢᠭ ᠠᠷᠠᠴᠢᠯᠠᠬᠤ ᠶᠢ ᠵᠣᠯᠭᠠᠭᠤᠯᠵᠤ᠂ ᠳᠦᠷᠢᠮ ᠤᠨ | ᠴᠢᠨᠠᠷᠲᠠᠢ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠦᠷ᠎ᠡ ᠪᠦᠲᠦᠭᠡᠯ ᠢ ᠢᠯᠡᠭᠦᠬᠡᠨ ᠭᠠᠷᠭᠠᠵᠤ᠂ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠳᠤ ᠳᠠᠭᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | 16 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠶᠠᠮᠧᠨ ᠳᠤ ᠹᠦᠵᠢᠶᠠᠨ ᠮᠤᠵᠢ ᠶᠢᠨ ᠨᠠᠮ ᠤᠨ ᠬᠤᠷᠢᠶ᠎ᠠ | ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠹᠦᠵᠢᠶᠠᠨ ᠤ ᠡᠯ᠎ᠡ | ᠵᠦᠢᠯ ᠤᠨ ᠠᠵᠢᠯ ᠳᠤ ᠣᠯᠣᠭᠰᠠᠨ ᠠᠮᠵᠢᠯᠲᠠ ᠶᠢ ᠨᠤᠲᠠᠯᠠᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠳᠤ | ᠲᠣᠳᠣᠷᠬᠠᠢ ᠱᠠᠭᠠᠷᠳᠠᠯᠭ᠎ᠠ ᠳᠤᠷᠠᠳᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ | ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ ᠲᠠᠯ᠎ᠠ ᠪᠠᠷ ᠰᠢᠨ᠎ᠡ ᠵᠠᠮ ᠨᠡᠭᠡᠭᠡᠬᠦ ᠬᠡᠷᠡᠭᠲᠡᠢ᠃ ᠪᠦᠭᠦ ᠲᠠᠯ᠎ᠠ ᠪᠠᠷ | ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠬᠤ | ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠡᠭᠡᠳᠦ ᠲᠡᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠬᠤᠯᠠ ᠶᠡᠭᠡ ᠪᠣᠭᠤᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ | ᠴᠢᠩᠭᠠᠳᠬᠠᠵᠤ᠂ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ | ᠳᠡᠮᠵᠢᠬᠦ ᠲᠦᠷᠦ ᠶᠢᠨ ᠪᠣᠳᠣᠯᠭ᠎ᠠ ᠪᠠ ᠲᠣᠭᠲᠠᠴᠠ ᠶᠢ ᠲᠡᠭᠦᠯᠳᠡᠷᠵᠢᠭᠦᠯᠵᠦ᠂ ᠨᠡᠩ ᠪᠦᠷᠢᠨ ᠲᠡᠭᠦᠯᠳᠡᠷ ᠰᠢᠨ᠎ᠡ ᠶᠢ | ᠡᠭᠦᠳᠬᠦ ᠣᠷᠴᠢᠨ ᠨᠥᠬᠦᠴᠡᠯ᠂ ᠨᠡᠩ ᠲᠠᠲᠠᠬᠤ ᠬᠦᠴᠦᠨ ᠲᠠᠢ ᠴᠢᠳᠠᠪᠤᠷᠢᠲᠠᠨ ᠤ ᠣᠷᠴᠢᠨ ᠨᠥᠬᠦᠴᠡᠯ ᠢ ᠪᠤᠢ ᠪᠤᠯᠭᠠᠬᠤ | ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ ᠶᠢ ᠪᠠᠲᠤ ᠰᠠᠬᠢᠵᠤ᠂ ᠤᠯᠠᠮᠵᠢᠯᠠᠯᠲᠤ ᠠᠵᠤ ᠦᠢᠯᠡᠰ ᠤᠨ | ᠳᠠᠪᠠᠭᠤᠯᠢᠭ ᠢ ᠪᠠᠬᠢᠵᠢᠭᠦᠯᠵᠦ᠂ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠶᠡᠭᠡ ᠪᠠᠷ ᠠᠬᠢᠭᠤᠯᠵᠤ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ | ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ | ᠳᠠᠪᠠᠭᠤᠯᠢᠭ ᠢ ᠪᠤᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ | ᠨᠡᠭᠡᠭᠡᠯᠲᠡ ᠶᠢ ᠥᠷᠭᠡᠳᠬᠡᠬᠦ ᠲᠠᠯ᠎ᠠ ᠪᠠᠷ ᠡᠷᠡᠯᠬᠡᠭᠯᠡᠨ ᠲᠡᠮᠡᠴᠡᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ | ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠲᠣᠪᠤᠶᠢᠯᠭᠠᠨ᠂ ᠦᠷᠭᠦᠯᠵᠢᠯᠡᠨ ᠵᠣᠷᠢᠭᠲᠠᠢ ᠪᠠᠷ | ᠲᠤᠷᠰᠢᠵᠤ᠂ ᠵᠣᠷᠢᠭᠲᠠᠢ ᠪᠠᠷ ᠰᠢᠪᠲᠤᠯᠤᠯᠲᠠ ᠬᠢᠵᠦ᠂ ᠪᠡᠶ᠎ᠡ ᠪᠠᠨ ᠳᠠᠭᠠᠭᠠᠵᠤ ᠥᠭᠡᠷᠡᠴᠢᠯᠡᠯᠲᠡ ᠬᠢᠬᠦ ᠬᠡᠷᠡᠭᠲᠡᠢ᠃ ︽ᠬᠤᠶᠠᠷ | ᠤᠬᠳᠤ ᠭᠤᠶᠢᠪᠢᠰᠢ ᠦᠭᠡᠢ︾ ᠶᠢ ᠪᠠᠷᠢᠮᠲᠠᠯᠠᠵᠤ᠂ ︽ᠵᠢᠨᠵᠢᠶᠠᠩ ᠤᠨ ᠲᠤᠷᠰᠢᠯᠭ᠎ᠠ︾ ᠶᠢ ᠰᠢᠨ᠎ᠡ ᠶᠢ ᠡᠭᠦᠳᠦᠨ | ᠬᠥᠭᠵᠢᠭᠦᠯᠵᠦ᠂ ᠪᠦᠭᠦ ᠨᠡᠶᠢᠭᠡᠮ ᠤᠨ ᠪᠡᠯᠡ ᠣᠷᠣᠭᠤᠯᠵᠤ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠭᠦᠢᠴᠡᠳ | ᠬᠥᠭᠵᠢᠭᠡᠬᠦ ᠬᠡᠷᠡᠭᠲᠡᠢ᠃ ᠠᠷᠠᠳ ᠤᠯᠠᠨ ᠤ ᠪᠤᠳᠤᠵᠤ ᠰᠠᠨᠠᠭᠰᠠᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠯ᠎ᠡ ᠵᠦᠢᠯ ᠤᠨ ᠥᠭᠡᠷᠡᠴᠢᠯᠡᠯᠲᠡ ᠶᠢ ᠤᠷᠢᠳ ᠢᠶᠠᠷ ᠰᠠᠶᠢᠲᠤᠷ | ᠠᠳᠬᠤᠬᠤ ᠬᠡᠷᠡᠭᠲᠡᠢ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ | ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ 21 ᠳ᠋ᠦ᠋ᠭᠡᠷ ᠵᠠᠭᠤᠨ ᠤ ᠲᠠᠯᠠᠢ ᠳᠡᠭᠡᠷᠡᠬᠢ ᠲᠣᠷᠭᠠᠨ ᠵᠠᠮ ᠤᠨ ᠭᠤᠣᠯ | ᠣᠷᠣᠨ ᠢ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠤᠨ ᠴᠢᠬᠤᠯᠠ ᠵᠠᠩᠭᠢᠯᠠᠭ᠎ᠠ ᠶᠢᠨ | ᠴᠡᠭ᠂ ᠴᠢᠬᠤᠯᠠ ᠨᠡᠪᠲᠡᠷᠡᠬᠦ ᠵᠠᠮ ᠤᠨ ᠴᠢᠳᠠᠮᠵᠢ ᠶᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠲᠠᠶᠢᠸᠠᠨ ᠬᠤᠭᠤᠯᠠᠢ ᠶᠢᠨ | ᠬᠤᠶᠠᠷ ᠭᠦᠪᠡᠭᠡ ᠶᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠭᠦ ᠣᠷᠣᠨ ᠢ ᠰᠠᠶᠢᠲᠤᠷ ᠪᠦᠲᠦᠭᠡᠨ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠣᠯᠣᠨ ᠬᠤᠳᠠ ᠬᠥᠳᠡᠭᠡ ᠶᠢᠨ | ᠠᠭᠤᠰᠤᠯᠴᠠᠨ ᠬᠥᠭᠵᠢᠬᠦ ᠶᠢ ᠠᠬᠢᠭᠤᠯᠬᠤ ᠲᠠᠯ᠎ᠠ ᠪᠠᠷ ᠵᠢᠱᠢᠶ᠎ᠡ ᠦᠵᠡᠭᠦᠯᠭᠦ ᠬᠡᠷᠡᠭᠲᠡᠢ᠃ ᠠᠭᠤᠯᠠᠷᠬᠠᠭ ᠣᠷᠣᠨ ᠪᠠ ᠲᠠᠯᠠᠢ | ᠳᠠᠭᠠᠤ ᠣᠷᠣᠨ ᠤ ᠬᠠᠮᠵᠢᠯᠴᠠᠭᠠᠨ ᠤ ᠲᠣᠭᠲᠠᠴᠠ ᠶᠢ ᠪᠦᠷᠢᠨᠰᠢᠭᠦᠯᠦᠨ ᠭᠦᠨᠵᠡᠭᠡᠶᠢᠷᠡᠭᠦᠯᠵᠦ᠂ ᠠᠭᠤᠯᠠᠷᠬᠠᠭ ᠣᠷᠣᠨ ᠪᠠ | ᠲᠠᠯᠠᠢ ᠳᠠᠭᠠᠤ ᠣᠷᠣᠨ ᠤ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠴᠢᠳᠠᠮᠵᠢ ᠶᠢᠨ | ᠬᠠᠷᠢᠯᠴᠠᠨ ᠨᠥᠬᠦᠪᠦᠷᠢᠯᠡᠬᠦ ᠶᠢ ᠴᠢᠩᠭᠠᠳᠬᠠᠬᠤ ᠬᠡᠷᠡᠭᠲᠡᠢ᠃ ᠤᠯᠤᠰ ᠤᠨ ᠠᠮᠢ ᠠᠬᠤᠢ ᠶᠢᠨ ᠪᠣᠯᠪᠠᠰᠤᠨ ᠤ | ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠥᠨᠳᠥᠷ ᠠᠭᠤᠯᠠ ᠠᠴᠠ ᠲᠠᠯᠠᠢ | ᠲᠠᠩᠭᠢᠰ ᠬᠦᠷᠲᠡᠯᠡᠬᠢ ᠬᠠᠮᠠᠭᠠᠯᠠᠯᠲᠠ ᠵᠠᠰᠠᠯᠲᠠ ᠶᠢᠨ ᠶᠡᠭᠡ ᠪᠠᠶᠢᠷᠢᠰᠢᠯ ᠢ ᠪᠠᠶᠢᠭᠤᠯᠤᠨ᠂ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ᠂ ᠭᠤᠣᠯᠳᠠᠯᠭ᠎ᠠ ᠲᠠᠢ ᠰᠠᠪᠠ ᠭᠠᠵᠠᠷ᠂ ᠭᠤᠣᠯᠳᠠᠯᠭ᠎ᠠ ᠲᠠᠢ ᠲᠠᠯᠠᠢ ᠶᠢᠨ ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢ | ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠪᠠᠭᠲᠠᠭᠠᠮᠵᠢ ᠶᠢ ᠥᠷᠭᠡᠳᠬᠡᠬᠦ ᠬᠡᠷᠡᠭᠲᠡᠢ᠃ ᠬᠥᠳᠡᠭᠡ ᠲᠣᠰᠬᠤᠨ ᠢ | ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠢᠭᠡᠳ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢ | ᠣᠷᠭᠠᠨᠢᠭ ᠢᠶᠠᠷ ᠤᠶᠠᠯᠳᠤᠭᠤᠯᠬᠤ ᠶᠢ ᠴᠢᠩᠭᠠᠳᠬᠠᠵᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠠᠯᠬᠤᠴᠠ ᠶᠢ | ᠲᠦᠷᠭᠡᠳᠬᠡᠬᠦ ᠬᠡᠷᠡᠭᠲᠡᠢ᠃ ᠰᠢᠶᠠᠨ ᠤ ᠬᠡᠪᠴᠢᠶᠡᠨ ᠤ ᠠᠵᠤ ᠠᠬᠤᠢ ᠶᠢ ᠪᠤᠵᠠᠭᠠᠶᠢᠷᠠᠭᠤᠯᠵᠤ᠂ ᠡᠷᠲᠡ ᠴᠢᠯᠦᠭᠡᠯᠡᠭᠳᠡᠭᠰᠡᠨ | ᠣᠷᠣᠨ ᠰᠣᠪᠢᠶᠠᠳ ᠣᠷᠣᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠲᠠᠷᠢᠶᠠᠨ ᠭᠠᠵᠠᠷ ᠤᠨ | ᠤᠯᠠᠭᠠᠨ ᠱᠤᠭᠤᠮ ᠢ ᠴᠢᠩᠭ᠎ᠠ ᠰᠠᠬᠢᠵᠤ᠂ ᠬᠠᠮ ᠬᠥᠳᠡᠭᠡ ᠠᠵᠤ ᠠᠬᠤᠢ ᠶᠢᠨ ᠦᠵᠡᠯᠲᠡ᠂ ᠬᠠᠮ ᠢᠳᠡᠭᠡᠨ ᠤ | ᠦᠵᠡᠯᠲᠡ ᠶᠢ ᠪᠤᠢ ᠪᠤᠯᠭᠠᠵᠤ᠂ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠤᠨ ᠪᠦᠯᠦᠭᠵᠢᠯ ᠢ ᠪᠤᠢ ᠪᠤᠯᠭᠠᠬᠤ | ᠬᠡᠷᠡᠭᠲᠡᠢ᠃ ᠬᠠᠮᠲᠤ ᠶᠢᠨ ᠣᠶ ᠰᠢᠭᠤᠢ ᠶᠢᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠶ | ᠰᠢᠭᠤᠢ ᠶᠢᠨ ᠢᠳᠡᠭᠡᠨ ᠪᠠ ᠣᠶ ᠳᠣᠲᠣᠷᠠᠬᠢ ᠠᠵᠤ ᠠᠬᠤᠢ ᠶᠢ ᠬᠥᠭᠵᠢᠭᠦᠯᠦᠨ᠂ ︽ᠣᠶ ᠰᠢᠭᠤᠢ ᠶᠢᠨ ᠠᠮᠤ ᠶᠢᠨ ᠰᠠᠩ᠂ | ᠵᠣᠭᠤᠰᠤᠨ ᠬᠥᠮᠥᠷᠭᠡ︾ ᠶᠢ ᠲᠠᠰᠤᠷᠠᠯᠲᠠ ᠦᠭᠡᠢ ᠠᠭᠤᠳᠠᠯᠤᠨ ᠪᠣᠶᠢᠵᠢᠭᠤᠯᠬᠤ ᠬᠡᠷᠡᠭᠲᠡᠢ᠃ ᠹᠦᠵᠧᠦ᠂ ᠰᠢᠶᠠᠮᠧᠨ ᠤ ᠪᠦᠭᠦ | ᠤᠯᠤᠰ ᠤᠨ ᠲᠠᠯᠠᠢ ᠲᠠᠩᠭᠢᠰ ᠤᠨ ᠠᠵᠤ ᠠᠬᠤᠢ ᠶᠢᠨ ᠬᠥᠭᠵᠢᠯᠲᠡ ᠶᠢᠨ ᠵᠢᠱᠢᠶ᠎ᠡ ᠦᠵᠡᠭᠦᠯᠭᠦ ᠣᠷᠣᠨ ᠢ ᠲᠦᠷᠭᠡᠪᠴᠢᠯᠡᠨ | ᠪᠦᠲᠦᠭᠡᠨ ᠪᠠᠶᠢᠭᠤᠯᠬᠤ ᠶᠢ ᠠᠬᠢᠭᠤᠯᠵᠤ᠂ ᠲᠠᠯᠠᠢ ᠲᠠᠩᠭᠢᠰ ᠤᠨ ᠠᠵᠤ ᠠᠬᠤᠢ ᠶᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠬᠡᠷᠡᠭᠲᠡᠢ᠃ ᠲᠠᠶᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ | ᠰᠡᠷᠭᠡᠶᠢᠯᠡᠬᠦ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠹᠦᠵᠢᠶᠠᠨ ᠤ ᠰᠢᠨ᠎ᠡ ᠳᠦᠷᠢ | ᠲᠥᠷᠬᠦ ᠶᠢ ᠢᠯᠡᠷᠡᠭᠦᠯᠬᠦ ᠳᠤ ᠤᠳᠠᠭᠠᠨ ᠳᠠᠭᠠᠭᠠᠮᠠᠭᠠᠢ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠬᠤᠪᠢᠰᠬᠠᠯ ᠤᠨ | ᠰᠣᠶᠣᠯ ᠢ ᠤᠯᠠᠮᠵᠢᠯᠠᠨ ᠪᠠᠳᠠᠷᠠᠭᠤᠯᠵᠤ᠂ ᠴᠠᠩ ᠲᠢᠩ᠂ ᠨᠢᠩᠬᠤᠸᠠ ᠶᠢᠨ ᠤᠷᠳᠤ ᠵᠠᠮ ᠤᠨ ᠠᠶᠠᠨ ᠲᠠᠶᠢᠨ ᠤ ᠤᠯᠤᠰ ᠤᠨ | ᠰᠣᠶᠣᠯ ᠤᠨ ᠴᠡᠴᠡᠷᠯᠢᠭ ᠢ ᠰᠠᠶᠢᠲᠤᠷ ᠪᠠᠶᠢᠭᠤᠯᠵᠤ᠂ ᠬᠤᠪᠢᠰᠬᠠᠯ ᠤᠨ ᠲᠡᠦᠬᠡᠨ ᠮᠠᠲ᠋ᠧᠷᠢᠶᠠᠯ ᠪᠣᠯᠣᠨ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠰᠤᠳᠤᠯᠭᠠᠨ ᠤ ᠲᠠᠶᠢᠯᠪᠤᠷᠢᠯᠠᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ | ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠤ᠂ ᠰᠣᠶᠣᠯ ᠢᠶᠠᠷ ᠬᠥᠮᠥᠨ ᠢ ᠤᠬᠠᠭᠠᠷᠠᠭᠤᠯᠬᠤ | ᠠᠵᠢᠯ ᠢ ᠴᠥᠬᠦᠷᠡᠰᠢ ᠦᠭᠡᠢ ᠰᠠᠶᠢᠲᠤᠷ ᠬᠢᠵᠦ᠂ ᠵᠠᠩᠰᠢᠯ ᠢ ᠬᠠᠯᠠᠵᠤ ᠳᠠᠳᠬᠠᠯ ᠢᠶᠠᠨ ᠥᠭᠡᠷᠡᠴᠢᠯᠡᠬᠦ ᠶᠢ ᠢᠳᠡᠪᠬᠢᠲᠡᠢ | ᠠᠬᠢᠭᠤᠯᠬᠤ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠶᠣᠯ | ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ ᠪᠣᠶᠢᠵᠢᠭᠤᠯᠬᠤ ᠬᠡᠷᠡᠭᠲᠡᠢ᠃ ᠲᠠᠶᠢᠸᠠᠨ | ᠬᠤᠭᠤᠯᠠᠢ ᠶᠢᠨ ᠬᠤᠶᠠᠷ ᠭᠦᠪᠡᠭᠡ ᠶᠢᠨ ᠰᠣᠶᠣᠯ ᠤᠨ ᠰᠣᠯᠢᠯᠴᠠᠭ᠎ᠠ ᠶᠢ ᠠᠬᠢᠭᠤᠯᠵᠤ᠂ ᠳᠤᠮᠳᠠᠳᠤ ᠶᠢᠨ ᠰᠣᠶᠣᠯ ᠢ | ᠬᠠᠮᠲᠤ ᠪᠠᠷ ᠪᠠᠳᠠᠷᠠᠭᠤᠯᠤᠨ ᠳᠡᠯᠭᠡᠷᠡᠭᠦᠯᠵᠦ᠂ ᠲᠠᠶᠢᠸᠠᠨ ᠤ ᠠᠬ᠎ᠠ ᠳᠡᠭᠦᠦ ᠨᠠᠷ ᠤᠨ ᠦᠨᠳᠦᠰᠦᠲᠡᠨ ᠤ ᠬᠠᠮᠲᠤ ᠶᠢᠨ | ᠲᠠᠨᠢᠯᠲᠠ᠂ ᠰᠣᠶᠣᠯ ᠤᠨ ᠬᠠᠮᠲᠤ ᠶᠢᠨ ᠲᠠᠨᠢᠯᠲᠠ᠂ ᠤᠯᠤᠰ ᠤᠨ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠬᠡᠷᠡᠭᠲᠡᠢ᠃ | ᠲᠥᠷᠥᠯ ᠰᠠᠳᠤᠨ ᠨᠤᠲᠤᠭ ᠤᠨ ᠠᠬ᠎ᠠ ᠳᠡᠭᠦᠦ ᠨᠠᠷ᠂ ᠳᠡᠭᠡᠳᠦᠰ ᠤᠨ ᠭᠠᠵᠠᠷ ᠤᠨ ᠰᠣᠶᠣᠯ ᠵᠡᠷᠭᠡ ᠬᠤᠯᠪᠣᠭᠠᠰᠤ ᠳᠤ | ᠲᠦᠰᠢᠭᠯᠡᠨ ᠬᠠᠷᠢᠶᠠᠲᠤ ᠨᠠᠷ ᠤᠨ ᠰᠡᠳᠬᠢᠯ ᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠭᠡᠰᠢᠭᠦᠨ ᠺᠠᠳ᠋ᠷᠴᠤᠳ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠵᠤ᠂ ᠬᠤᠪᠢᠰᠬᠠᠯᠲᠤ | ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠬᠤ ᠶᠢ ᠬᠥᠮᠥᠵᠢᠭᠦᠯᠵᠦ᠂ ᠵᠣᠷᠢᠭᠲᠠᠢ ᠪᠠᠷ ᠲᠦᠷᠦᠭᠦᠯᠡᠨ ᠬᠢᠵᠦ᠂ ᠰᠠᠶᠢᠲᠤᠷ | ᠲᠡᠮᠡᠴᠡᠵᠦ ᠢᠯᠠᠯᠲᠠ ᠣᠯᠬᠤ ᠵᠠᠮ ᠨᠡᠭᠡᠭᠡᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ | ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠴᠢᠳᠠᠮᠠᠭᠠᠢ ᠠᠵᠢᠯᠯᠠᠨ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠠᠷᠠᠳ | ᠲᠦᠮᠡᠨ ᠳᠤ ᠪᠤᠶᠠᠨ ᠦᠢᠯᠡᠳᠬᠦ ᠠᠵᠢᠯ ᠤᠨ ᠠᠮᠵᠢᠯᠲᠠ ᠶᠢᠨ ᠦᠵᠡᠯᠲᠡ ᠶᠢ ᠪᠤᠶ ᠪᠣᠯᠭᠠᠨ ᠦᠢᠯᠡᠳᠦᠯᠭᠡᠵᠢᠭᠦᠯᠵᠦ᠂ ᠤᠭ | ᠰᠠᠨᠠᠭ᠎ᠠ ᠪᠠᠨ ᠥᠯᠥ ᠮᠠᠷᠲᠠᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠷᠢᠭᠤᠨ ᠴᠢᠬᠡᠴᠢ ᠪᠠᠷ | ᠨᠡᠶᠢᠲᠡ ᠶᠢᠨ ᠲᠥᠯᠥᠭᠡ ᠵᠢᠳᠬᠦᠵᠦ᠂ ᠡᠪ ᠬᠠᠮᠲᠤᠴᠤᠳ ᠤᠨ ᠤᠯᠤᠰ ᠲᠥᠷᠥ ᠶᠢᠨ ᠮᠥᠨ ᠴᠢᠨᠠᠷ ᠢ ᠡᠭᠦᠷᠢᠳᠡ | ᠬᠠᠳᠠᠭᠠᠯᠠᠬᠤ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ | ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ | ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠣᠯᠠᠨ ᠲᠦᠮᠡᠨᠴᠢ | ᠱᠤᠭᠤᠮ ᠢᠶᠠᠷ ᠰᠠᠶᠢᠲᠤᠷ ᠵᠠᠮᠨᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ | ᠳᠠᠭᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠪᠦᠭᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | | | | | | | | | | | | | | | | |