ᠰᠢ ᠶᠢᠨ ᠫᠢᠩ ᠯᠢᠦ ᡂᠢ ᠭᠤᠳᠤᠮᠵᠢ ᠪᠠᠷ ᠲᠣᠭᠤᠷᠢᠨ ᠦᠵᠡᠪᠡ᠄ ᠤᠯᠠᠮᠵᠢᠯᠠᠯᠲᠤ ᠰᠠᠶᠢᠬᠠᠨ ᠵᠠᠩ ᠰᠤᠷᠲᠠᠯ ᠢᠶᠠᠨ ᠰᠠᠶᠢᠲᠤᠷ ᠪᠠᠳᠠᠷᠠᠭᠤᠯᠵᠤ  ᠮᠠᠨ ᠤ ᠨᠡᠶᠢᠭᠡᠮ ᠢᠶᠠᠨ ᠨᠡᠩ ᠡᠶ᠎ᠡ ᠵᠣᠬᠢᠴᠠᠯ ᠲᠠᠢ ᠪᠣᠯᠭᠠᠨ᠎ᠠ
ᠨᠡᠶᠢᠲᠡᠯᠡᠭᠰᠡᠨ ᠴᠠᠭ᠄
2024/10/25

     17 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠠᠨᠾᠦ᠋ᠢ ᠮᠤᠵᠢ ᠶᠢᠨ

ᠲᠦᠩᠴᠧᠩ ᠬᠤᠲᠠ ᠶᠢᠨ ᠯᠢᠦ ᡂᠢ ᠭᠤᠳᠤᠮᠵᠢ ᠳᠤ ᠬᠦᠷᠴᠦ᠂ ᠵᠠᠩ ᠦ᠋ ᠶᠢᠨ ᠨᠠᠶᠢᠷ ᠲᠠᠯᠪᠢᠭᠰᠠᠨ ᠰᠣᠩᠭᠤᠳᠠᠭ

ᠦᠯᠢᠭᠡᠷ ᠢ ᠳᠠᠬᠢᠨᠲᠠ ᠳᠤᠷᠠᠰᠤᠨ ᠰᠣᠨᠢᠷᠬᠠᠵᠤ᠂ ᠲᠦᠩᠴᠧᠩ ᠤᠨ ᠲᠡᠦᠬᠡ ᠰᠣᠶᠣᠯ ᠤᠨ ᠦᠵᠡᠭᠦᠯᠭᠡ ᠶᠢ ᠪᠠᠶᠢᠴᠠᠭᠠᠨ

ᠦᠵᠡᠪᠡ᠃ ᠰᠢ ᠶᠢᠨ ᠫᠢᠩ᠂ ᠠᠳᠡ ᠢᠷᠡᠵᠦ ᠦᠵᠡᠭᠡᠳ ᠰᠡᠳᠬᠢᠭᠳᠡᠯ ᠲᠥᠷᠥᠭᠳᠡᠯ ᠢᠶᠠᠷ ᠶᠡᠭᠡ ᠪᠠᠶᠢᠨ᠎ᠠ᠃ ᠯᠢᠦ ᡂᠢ

ᠭᠤᠳᠤᠮᠵᠢ ᠨᠢ ᠳᠤᠮᠳᠠᠳᠤ ᠤᠯᠤᠰ ᠤᠨ ᠡᠷᠲᠡᠨ ᠤ ᠬᠥᠮᠥᠰ ᠤᠨ ᠲᠡᠦᠬᠡ ᠤᠶᠤᠨ ᠤᠬᠠᠭᠠᠨ ᠢ ᠠᠴᠢᠶᠠᠯᠠᠵᠤ ᠪᠤᠢ᠂

ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠰᠠᠶᠢᠲᠤᠷ ᠪᠠᠳᠠᠷᠠᠭᠤᠯᠤᠨ᠂ ᠬᠠᠷᠢᠯᠴᠠᠨ

ᠨᠠᠶᠢᠷ ᠲᠠᠯ᠎ᠠ ᠲᠠᠢ᠂ ᠡᠶ᠎ᠡ ᠡᠪᠲᠡᠢ ᠪᠠᠶᠢᠬᠤ ᠶᠢ ᠡᠷᠬᠢᠮᠯᠡᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠤᠳ ᠢ ᠰᠠᠶᠢᠲᠤᠷ

ᠰᠢᠢᠳᠪᠦᠷᠢᠯᠡᠵᠦ᠂ ᠨᠡᠶᠢᠭᠡᠮ ᠤᠨ ᠵᠥᠷᠢᠴᠡᠯ ᠢ ᠰᠠᠶᠢᠲᠤᠷ ᠠᠷᠢᠯᠭᠠᠨ᠂ ᠮᠠᠨ ᠤ ᠨᠡᠶᠢᠭᠡᠮ ᠢᠶᠠᠨ ᠨᠡᠩ ᠡᠶ᠎ᠡ ᠵᠣᠬᠢᠴᠠᠯ ᠲᠠᠢ

ᠪᠣᠯᠭᠠᠬᠤ ᠬᠡᠷᠡᠭᠲᠡᠢ ᠭᠡᠵᠡᠢ᠃

  ᠰᠢ ᠶᠢᠨ ᠫᠢᠩ᠄ ᠳᠣᠮᠳᠠᠳᠣ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠢᠶᠠᠷ ᠬᠤᠰᠢᠭᠤᠴᠢᠯᠠᠭᠤᠯᠤᠨ᠎ᠠ

17 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠠᠨᠾᠦ᠋ᠢ ᠮᠤᠵᠢ ᠶᠢᠨ ᠾᠧᠹᠧᠢ ᠶᠢᠨ

ᠪᠢᠨ ᠬᠤ᠋ ᠰᠢᠨᠵᠢᠯᠡᠬᠦ ᠤᠬᠠᠭᠠᠨ ᠤ ᠬᠤᠲᠠ ᠳᠤ ᠬᠦᠷᠴᠦ᠂ ᠣᠶᠢᠷ᠎ᠠ ᠶᠢᠨ ᠵᠢᠯ ᠤᠳ ᠤᠨ ᠲᠤᠷᠰᠢᠬᠢ ᠠᠨᠾᠦ᠋ᠢ ᠮᠤᠵᠢ ᠶᠢᠨ

ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠤᠨ

ᠲᠥᠪᠯᠡᠷᠡᠭᠰᠡᠨ ᠦᠵᠡᠭᠦᠯᠭᠡ ᠶᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠤᠷ ᠲᠠᠬᠢ ᠰᠢᠨᠵᠢᠯᠡᠬᠦ ᠤᠬᠠᠭᠠᠨ ᠤ

ᠰᠤᠳᠤᠯᠭᠠᠨ ᠤ ᠠᠵᠢᠯᠲᠠᠳ ᠬᠢᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠳ ᠲᠠᠢ ᠳᠣᠲᠣᠨᠣᠰᠤᠭ ᠢᠶᠠᠷ ᠶᠠᠷᠢᠯᠴᠠᠪᠠ᠃

ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠢᠶᠠᠷ ᠬᠤᠰᠢᠭᠤᠴᠢᠯᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ

ᠡᠭᠦᠳᠦᠯᠲᠡ ᠪᠣᠯ ᠵᠠᠶᠢᠯᠠᠰᠢ ᠦᠭᠡᠢ ᠵᠠᠮᠨᠠᠬᠤ ᠵᠠᠮ ᠮᠥᠨ᠃ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠴᠢᠳᠠᠪᠤᠷᠢᠲᠠᠳ ᠢ ᠮᠠᠰᠢ ᠡᠷᠬᠢᠮᠯᠡᠵᠦ ᠬᠠᠶᠢᠷᠠᠯᠠᠳᠠᠭ᠃ ᠬᠥᠮᠥᠨ ᠤ ᠠᠮᠢᠳᠤᠷᠠᠯ ᠳᠤ ᠬᠡᠳᠦ ᠤᠳᠠᠭ᠎ᠠ ᠶᠢᠨ

ᠲᠡᠮᠡᠴᠡᠬᠦ ᠳᠣᠬᠢᠶᠠᠯ ᠪᠠᠶᠢᠬᠤ ᠪᠣᠢ᠂ ᠤᠯᠠᠨ ᠢᠶᠠᠷ ᠢᠶᠠᠨ ᠥᠴᠥᠬᠡᠨ ᠴᠤ ᠡᠷᠡᠭᠡᠯᠵᠡᠯ ᠦᠭᠡᠢ ᠪᠠᠷ ᠤᠷᠤᠭᠰᠢ ᠲᠡᠮᠡᠦᠯᠦᠨ

ᠦᠷᠭᠦᠯᠵᠢᠯᠡᠨ ᠲᠡᠮᠡᠴᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠪᠡᠶ᠎ᠡ ᠪᠠᠨ ᠳᠠᠭᠠᠭᠠᠵᠤ ᠬᠦᠴᠦᠷᠬᠡᠭᠵᠢᠭᠦᠯᠬᠦ ᠶᠢᠨ

ᠲᠤᠯᠠᠳᠠ ᠤᠶᠤᠨ ᠤᠬᠠᠭᠠᠨ ᠠᠪᠢᠶᠠᠰ ᠴᠢᠳᠠᠪᠤᠷᠢ ᠪᠠᠨ ᠡᠷᠭᠦᠬᠦ ᠬᠡᠷᠡᠭᠲᠡᠢ ᠭᠡᠵᠡᠢ᠃

       ᠰᠤᠷᠪᠤᠯᠵᠢᠯᠠᠭᠴᠢ᠄ ᠳ᠋ᠦ᠋ ᠱᠠᠩ ᠽᠧ‌‍ᠰᠡᠭᠦᠳᠡᠷᠯᠡᠭᠴᠢ᠄ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠦᠢ ᠫᠧᠩ

ᠰᠢᠶᠧ ᠬᠤᠸᠠᠨ ᡂᠢ ᠶᠠᠨ ᠶᠠᠨ ᠱᠧᠨ ᠬᠤᠩ

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号