ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 29 ᠤ ᠴᠠᠭᠢᠯᠭᠠᠨ ᠮᠡᠳᠡᠭᠡ ᠮᠤᠵᠢ ᠶᠠᠮᠤᠨ ᠤ | ᠲᠠᠰ ᠤᠨ ᠭᠤᠣᠯ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ | ᠰᠤᠳᠤᠯᠤᠨ ᠶᠠᠷᠢᠯᠴᠠᠬᠤ ᠠᠩᠭᠢ 29 ᠤ ᠦᠳᠡ ᠶᠢᠨ ᠡᠮᠦᠨ᠎ᠡ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ | ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠪᠦᠭᠦ ᠨᠠᠮ ᠪᠦᠭᠦ ᠤᠯᠤᠰ ᠤᠨ ᠠᠷᠠᠳ | ᠲᠦᠮᠡᠨ ᠢ ᠬᠥᠲᠥᠯᠥᠨ ᠵᠢᠯᠤᠭᠤᠳᠴᠤ ᠥᠭᠡᠷᠡᠴᠢᠯᠡᠯᠲᠡ ᠶᠢᠨ ᠢᠲᠡᠭᠡᠯ ᠵᠣᠷᠢᠭ ᠢ ᠨᠢ ᠪᠠᠲᠤᠳᠬᠠᠵᠤ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ ᠥᠭᠡᠷᠡᠴᠢᠯᠡᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | 10 ᠰᠠᠷ᠎ᠠ ᠶᠢᠨ 29 ᠤ ᠡᠳᠦᠷ᠂ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ ᠺᠠᠳ᠋ᠷᠴᠤᠳ ᠤᠨ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠲᠥᠪ ᠤᠨ ᠨᠠᠮ ᠤᠨ | ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ | ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ ᠯᠢ ᠴᠢᠶᠠᠩ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠵᠦ᠂ ᠲᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠵᠤᠤ ᠯᠧ ᠵᠢᠢ᠂ ᠸᠠᠩ | ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠰᠤᠷᠤᠯᠭ᠎ᠠ | ᠡᠬᠢᠯᠡᠬᠦ ᠶᠣᠰᠣᠯᠠᠯ ᠳᠤ ᠣᠷᠣᠯᠴᠠᠵᠠᠢ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ | ᠪᠦᠭᠦᠳᠡ ᠬᠤᠷᠠᠯ ᠠᠴᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ | ᠥᠭᠡᠷᠡᠴᠢᠯᠡᠯᠲᠡ ᠶᠢ ᠰᠢᠰᠲ᠋ᠧᠮ ᠲᠠᠢ ᠪᠦᠬᠦᠯᠢ ᠴᠣᠭᠴᠠ ᠪᠠᠷ ᠠᠬᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠮᠠᠨ ᠤ | ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠴᠣ ᠰᠢᠨ᠎ᠡ ᠪᠠᠶᠢᠳᠠᠯ ᠢ ᠡᠭᠦᠳᠴᠦ᠂ ᠴᠠᠭ ᠦᠶ᠎ᠡ ᠶᠢ ᠵᠠᠭᠠᠭᠯᠠᠭᠰᠠᠨ ᠠᠴᠢ | ᠬᠤᠯᠪᠣᠭᠳᠠᠯ ᠲᠠᠢ ᠶᠤᠮ᠃ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ | ᠴᠢᠬᠤᠯᠠ ᠶᠡᠭᠡ ᠦᠢᠯᠡᠳᠦᠯᠭᠡ ᠶᠢᠨ ᠦᠷ᠎ᠡ ᠪᠦᠲᠦᠭᠡᠯ᠂ ᠳᠦᠷᠢᠮ ᠤᠨ ᠦᠷ᠎ᠡ ᠪᠦᠲᠦᠭᠡᠯ᠂ ᠤᠨᠤᠯ ᠤᠨ ᠦᠷ᠎ᠡ ᠪᠦᠲᠦᠭᠡᠯ | ᠣᠯᠪᠠ᠂ ᠡᠨᠡ ᠪᠣᠯ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠲᠡᠦᠬᠡᠨ ᠶᠠᠪᠤᠴᠠ ᠳᠠᠬᠢ ᠬᠠᠮᠤᠭ ᠤᠨ | ᠢᠷᠠᠭᠤ ᠭᠠᠶᠢᠬᠠᠮᠰᠢᠭᠲᠤ ᠬᠠᠭᠤᠳᠠᠰᠤ ᠶᠢᠨ ᠨᠢᠭᠡ ᠪᠣᠯᠣᠨ᠎ᠠ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ | ᠪᠦᠲᠦᠭᠡᠬᠦ᠂ ︽ᠬᠤᠶᠠᠷ ᠶᠡᠭᠡ ᠭᠠᠶᠢᠬᠠᠮᠰᠢᠭ︾ ᠢ ᠦᠷᠭᠦᠯᠵᠢᠯᠡᠨ ᠪᠢᠴᠢᠭᠯᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠪᠠ ᠳᠦᠷᠢᠮ ᠤᠨ ᠪᠠᠲᠤᠯᠠᠭ᠎ᠠ ᠬᠠᠩᠭᠠᠭᠰᠠᠨ ᠪᠥᠭᠡᠳ ᠰᠢᠨ᠎ᠡ ᠠᠶᠠᠨ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠳᠤ ᠪᠠᠲᠤ ᠪᠠᠬᠢ ᠰᠠᠭᠤᠷᠢ ᠪᠠ ᠡᠷᠬᠢᠮ ᠨᠠᠨᠳᠢᠨ ᠲᠤᠷᠰᠢᠯᠭ᠎ᠠ ᠬᠠᠩᠭᠠᠭᠰᠠᠨ ᠪᠠᠶᠢᠨ᠎ᠠ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠪᠣᠯ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠳᠤ ᠡᠷᠬᠡᠪᠰᠢ ᠪᠠᠲᠤ ᠡᠵᠡᠮᠳᠡᠵᠦ᠂ ᠢᠮᠠᠭᠲᠠ ᠪᠠᠷᠢᠮᠲᠠᠯᠠᠬᠤ ᠴᠢᠬᠤᠯᠠ ᠶᠡᠭᠡ ᠵᠠᠷᠴᠢᠮ ᠪᠣᠯᠣᠨ᠎ᠠ᠃ | ᠮᠠᠨ ᠤ ᠬᠢᠵᠦ ᠪᠠᠶᠢᠭ᠎ᠠ ᠥᠭᠡᠷᠡᠴᠢᠯᠡᠯᠲᠡ ᠪᠣᠯ ᠴᠢᠭᠯᠡᠯ ᠲᠠᠢ᠂ ᠵᠠᠷᠴᠢᠮ ᠲᠠᠢ ᠶᠤᠮ᠃ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠬᠤ᠂ ᠮᠠᠷᠺᠰ ᠤᠨ ᠦᠵᠡᠯ ᠢ ᠪᠠᠷᠢᠮᠲᠠᠯᠠᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠢ ᠪᠠᠷᠢᠮᠲᠠᠯᠠᠬᠤ᠂ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠢ ᠪᠠᠷᠢᠮᠲᠠᠯᠠᠬᠤ ᠳᠤ᠂ | ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠵᠠ ᠵᠢᠷᠭᠠᠯ ᠢ | ᠨᠡᠮᠡᠭᠳᠡᠭᠦᠯᠬᠦ ᠪᠠᠷ ᠵᠣᠷᠢᠯᠲᠠ ᠪᠠ ᠲᠤᠰᠤᠯᠲᠠ ᠪᠤᠯᠭᠠᠬᠤ ᠬᠡᠷᠡᠭᠲᠡᠢ᠂ ᠡᠳᠡᠭᠡᠷ ᠪᠣᠯ ᠴᠥᠮ ᠦᠨᠳᠦᠰᠦᠨ ᠵᠦᠢᠯ ᠳᠤ | ᠬᠤᠯᠪᠣᠭᠳᠠᠬᠤ᠂ ᠴᠢᠭᠯᠡᠯ ᠳᠤ ᠬᠤᠯᠪᠣᠭᠳᠠᠬᠤ᠂ ᠠᠯᠤᠰ ᠢᠷᠡᠭᠡᠳᠦᠢ ᠳᠤ ᠬᠤᠯᠪᠣᠭᠳᠠᠬᠤ ᠵᠦᠢᠯ ᠮᠥᠨ᠂ ᠨᠠᠮ ᠤᠨ ᠰᠢᠨᠵᠢ | ᠴᠢᠨᠠᠷ ᠪᠠ ᠵᠣᠷᠢᠯᠲᠠ ᠶᠢ ᠢᠯᠡᠷᠡᠭᠦᠯᠬᠦ ᠨᠢ ᠮᠠᠨ ᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠵᠦ᠂ ᠠᠷᠠᠳ | ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠵᠦ ᠪᠠᠶᠢᠳᠠᠭ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ | ᠴᠥᠮ ᠥᠴᠥᠬᠡᠨ ᠴᠦ ᠭᠤᠶᠢᠪᠢᠯᠵᠠᠵᠤ ᠪᠤᠯᠬᠤ ᠦᠭᠡᠢ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠬᠦ᠂ ᠲᠦᠷᠦ ᠶᠢ ᠵᠠᠰᠠᠬᠤ ᠰᠢᠰᠲ᠋ᠧᠮ ᠪᠣᠯᠣᠨ | ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠥᠭᠡᠷᠡᠴᠢᠯᠡᠯᠲᠡ ᠶᠢᠨ ᠶᠡᠷᠦᠩᠬᠡᠢ ᠬᠠᠷᠠᠯᠲᠠ ᠶᠢ | ᠪᠠᠷᠢᠮᠲᠠᠯᠠᠵᠤ᠂ ᠶᠡᠷᠦᠩᠬᠡᠢ ᠬᠠᠷᠠᠯᠲᠠ ᠶᠢᠨ ᠵᠢᠭᠠᠭᠰᠠᠨ ᠴᠢᠭᠯᠡᠯ ᠢᠶᠠᠷ ᠢᠮᠠᠭᠲᠠ ᠤᠷᠤᠭᠰᠢᠯᠠᠵᠤ᠂ ᠥᠭᠡᠷᠡᠴᠢᠯᠡᠬᠦ | ᠶᠣᠰᠣᠲᠠᠢ ᠶᠢ ᠨᠢ ᠡᠷᠡᠰ ᠥᠭᠡᠷᠡᠴᠢᠯᠡᠵᠦ᠂ ᠥᠭᠡᠷᠡᠴᠢᠯᠡᠪᠡᠯ ᠵᠣᠬᠢᠰ ᠦᠭᠡᠢ ᠶᠢ ᠨᠢ ᠥᠭᠡᠷᠡᠴᠢᠯᠡᠬᠦ ᠦᠭᠡᠢ ᠪᠠᠶᠢᠬᠤ | ᠬᠡᠷᠡᠭᠲᠡᠢ᠃ ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠬᠠᠨᠳᠤᠰᠢ᠂ ᠦᠢᠯᠡᠳᠦᠯᠭᠡ ᠶᠢᠨ ᠬᠥᠭᠵᠢᠯᠲᠡ ᠶᠢᠨ ᠰᠢᠨ᠎ᠡ | ᠱᠠᠭᠠᠷᠳᠠᠯᠭ᠎ᠠ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠵᠣᠬᠢᠴᠠᠭᠤᠯᠤᠨ᠂ ᠠᠵᠤ ᠠᠬᠤᠢ ᠶᠢᠨ ᠪᠠᠶᠢᠭᠤᠯᠤᠯ ᠤᠨ | ᠥᠭᠡᠷᠡᠴᠢᠯᠡᠯᠲᠡ ᠭᠡᠬᠦ ᠡᠨᠡ ᠬᠦ ᠭᠤᠣᠯᠳᠠᠯᠭ᠎ᠠ ᠶᠢ ᠲᠤᠪᠤᠶᠢᠯᠭᠠᠵᠤ᠂ ᠡᠯ᠎ᠡ ᠲᠠᠯ᠎ᠠ ᠶᠢᠨ ᠥᠭᠡᠷᠡᠴᠢᠯᠡᠯᠲᠡ ᠶᠢ ᠪᠦᠭᠦ | ᠲᠠᠯ᠎ᠠ ᠪᠠᠷ ᠵᠣᠬᠢᠴᠠᠭᠤᠯᠤᠨ ᠠᠬᠢᠭᠤᠯᠵᠤ᠂ ᠤᠨᠤᠯ ᠤᠨ ᠰᠢᠨ᠎ᠡ ᠶᠢ ᠡᠭᠦᠳᠬᠦ᠂ ᠦᠢᠯᠡᠳᠦᠯᠭᠡ ᠶᠢᠨ ᠰᠢᠨ᠎ᠡ ᠶᠢ ᠡᠭᠦᠳᠬᠦ᠂ | ᠪᠠᠶᠢᠭᠤᠯᠤᠯ ᠤᠨ ᠰᠢᠨ᠎ᠡ ᠶᠢ ᠡᠭᠦᠳᠬᠦ᠂ ᠰᠣᠶᠣᠯ ᠤᠨ ᠰᠢᠨ᠎ᠡ ᠶᠢ ᠡᠭᠦᠳᠬᠦ ᠵᠢᠴᠢ ᠪᠤᠰᠤᠳ ᠡᠯ᠎ᠡ ᠲᠠᠯ᠎ᠠ ᠶᠢᠨ ᠰᠢᠨ᠎ᠡ ᠶᠢ | ᠡᠭᠦᠳᠬᠦ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ | ᠬᠥᠳᠡᠯᠭᠡᠭᠴᠢ ᠬᠦᠴᠦᠨ ᠪᠠ ᠪᠠᠶᠢᠭᠤᠯᠤᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠭᠡᠷᠡᠴᠢᠯᠡᠯᠲᠡ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠂ ᠰᠢᠨᠵᠢᠯᠡᠬᠦ | ᠤᠬᠠᠭᠠᠨᠴᠢ ᠠᠷᠭ᠎ᠠ ᠶᠢ ᠡᠷᠬᠢᠮᠯᠡᠵᠦ᠂ ᠡᠯ᠎ᠡ ᠲᠠᠯ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠶᠢ ᠨᠢᠭᠡᠳᠬᠡᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠬᠦᠴᠦᠨ ᠢᠶᠠᠷ | ᠬᠠᠤᠯᠢ ᠪᠠᠷ ᠵᠠᠰᠠᠬᠤ ᠶᠢ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠬᠦᠷᠢᠶᠡᠨ ᠳᠠᠬᠢ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ | ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠬᠡᠷᠡᠭᠲᠡᠢ︔ ᠥᠭᠡᠷᠡᠴᠢᠯᠡᠯᠲᠡ ᠶᠢᠨ ᠬᠠᠷᠰᠢ ᠰᠠᠭᠠᠳ ᠢ ᠠᠷᠢᠯᠭᠠᠬᠤ᠂ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠬᠦ ᠳᠤᠮᠳᠠᠬᠢ ᠬᠠᠤᠯᠢ ᠪᠠᠷ ᠵᠠᠰᠠᠬᠤ ᠶᠢᠨ ᠢᠳᠡᠪᠬᠢ ᠦᠢᠯᠡᠳᠦᠯ ᠢ | ᠨᠡᠩ ᠰᠠᠶᠢᠲᠤᠷ ᠪᠠᠳᠠᠷᠠᠭᠤᠯᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ | ᠴᠢᠳᠠᠮᠠᠭᠠᠢ ᠬᠡᠷᠡᠭᠯᠡᠨ ᠥᠭᠡᠷᠡᠴᠢᠯᠡᠯᠲᠡ ᠶᠢ ᠠᠬᠢᠭᠤᠯᠵᠤ᠂ ᠴᠢᠬᠤᠯᠠ ᠶᠡᠭᠡ ᠥᠭᠡᠷᠡᠴᠢᠯᠡᠯᠲᠡ ᠳᠤ ᠬᠠᠤᠯᠢ ᠶᠢᠨ | ᠦᠨᠳᠦᠰᠦᠯᠡᠯ ᠲᠠᠢ ᠪᠠᠶᠢᠬᠤ ᠶᠢ ᠪᠡᠶᠡᠯᠡᠭᠦᠯᠵᠦ᠂ ᠪᠦᠭᠦ ᠠᠷᠠᠳ ᠢᠷᠭᠡᠨ ᠪᠠ ᠬᠠᠤᠯᠢ ᠶᠢᠨ ᠡᠷᠬᠡᠲᠡᠨ ᠤ ᠬᠠᠤᠯᠢ ᠶᠣᠰᠣᠨ ᠤ | ᠡᠷᠬᠡ ᠠᠰᠢᠭ ᠢ ᠡᠷᠬᠡ ᠲᠡᠭᠰᠢ ᠪᠠᠷ ᠬᠠᠮᠠᠭᠠᠯᠠᠬᠤ ᠬᠡᠷᠡᠭᠲᠡᠢ᠃ ᠡᠪᠳᠡᠬᠦ ᠪᠠ ᠪᠠᠶᠢᠭᠤᠯᠬᠤ ᠶᠢᠨ ᠬᠤᠪᠢᠰᠤᠩᠭᠤᠢ ᠨᠢᠭᠡᠳᠦᠯ ᠢ | ᠪᠠᠷᠢᠮᠲᠠᠯᠠᠵᠤ᠂ ᠡᠪᠳᠡᠬᠦ ᠪᠠ ᠪᠠᠶᠢᠭᠤᠯᠬᠤ ᠶᠢ ᠵᠡᠷᠭᠡ ᠪᠠᠷ ᠠᠳᠬᠤᠵᠤ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ | ᠬᠠᠭᠤᠴᠢᠨ ᠢ ᠡᠪᠳᠡᠵᠦ᠂ ᠪᠠᠶᠢᠭᠤᠯᠬᠤ ᠶᠣᠰᠣᠲᠠᠢ ᠶᠢ ᠨᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠪᠠᠶᠢᠭᠤᠯᠵᠤ᠂ ᠡᠪᠳᠡᠬᠦ | ᠶᠣᠰᠣᠲᠠᠢ ᠶᠢ ᠨᠢ ᠪᠠᠶᠢᠭᠤᠯᠤᠭᠰᠠᠨ ᠰᠠᠭᠤᠷᠢᠨ ᠳᠡᠭᠡᠷ᠎ᠡ ᠴᠠᠭ ᠲᠤᠬᠠᠢ ᠳᠤᠨᠢ ᠡᠪᠳᠡᠵᠦ᠂ ᠡᠪᠳᠡᠬᠦ ᠪᠠ ᠪᠠᠶᠢᠭᠤᠯᠬᠤ ᠶᠢ | ᠨᠢᠭᠡᠳᠬᠡᠬᠦ ᠳᠤᠮᠳᠠ ᠥᠭᠡᠷᠡᠴᠢᠯᠡᠯᠲᠡ ᠶᠢ ᠲᠦᠷᠭᠡᠨ ᠪᠥᠭᠡᠳ ᠯᠠᠪᠳᠠᠭᠤᠨ ᠢᠶᠠᠷ ᠪᠡᠶᠡᠯᠡᠭᠦᠯᠬᠦ ᠬᠡᠷᠡᠭᠲᠡᠢ᠃ ᠥᠭᠡᠷᠡᠴᠢᠯᠡᠯᠲᠡ | ᠨᠡᠭᠡᠭᠡᠯᠲᠡ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ | ᠥᠷᠭᠡᠳᠬᠡᠵᠦ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠭᠠᠳᠠᠭᠠᠳᠤ ᠠᠷᠠᠯᠵᠢᠶ᠎ᠠ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ | ᠣᠷᠣᠭᠤᠯᠬᠤ ᠪᠣᠯᠣᠨ ᠭᠠᠳᠠᠭᠠᠳᠤ ᠳᠤ ᠪᠡᠯᠡ ᠣᠷᠣᠭᠤᠯᠬᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠶ ᠪᠤᠯᠭᠠᠬᠤ ᠬᠡᠷᠡᠭᠲᠡᠢ᠃ ᠪᠠᠶᠢᠷᠢᠯᠠᠭᠤᠯᠤᠯᠲᠠ ᠪᠠ | ᠨᠠᠶᠢᠳᠠᠪᠤᠷᠢᠵᠢᠭᠤᠯᠤᠯᠲᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠥᠭᠡᠷᠡᠴᠢᠯᠡᠯᠲᠡ ᠶᠢᠨ ᠲᠥᠰᠥᠯ ᠢ ᠵᠢᠷᠤᠵᠤ | ᠲᠥᠯᠥᠪᠯᠡᠬᠦ ᠳᠤ ᠡᠷᠬᠡᠪᠰᠢ ᠪᠤᠰᠤᠳᠴᠢ ᠵᠢᠮ᠎ᠡ ᠶᠣᠰᠣ ᠶᠢ ᠡᠵᠡᠮᠳᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠵᠣᠬᠢᠴᠠᠭᠤᠯᠤᠨ ᠢᠵᠢ ᠪᠦᠷᠢᠳᠦᠭᠦᠯᠬᠦ ᠶᠢ ᠴᠢᠬᠤᠯᠠᠴᠢᠯᠠᠵᠤ᠂ ᠥᠭᠡᠷᠡᠴᠢᠯᠡᠯᠲᠡ ᠶᠢᠨ ᠬᠠᠨᠳᠤᠰᠢ ᠶᠢᠨ | ᠨᠢᠭᠡᠳᠦᠯᠲᠦ ᠴᠢᠨᠠᠷ ᠢ ᠴᠢᠩᠭᠠᠳᠬᠠᠵᠤ᠂ ᠬᠠᠷᠢᠭᠤᠴᠠᠯᠭ᠎ᠠ ᠲᠣᠳᠣᠷᠬᠠᠢ᠂ ᠬᠡᠯᠬᠢᠶ᠎ᠡ ᠪᠦᠷᠢᠨ᠂ ᠭᠤᠭᠴᠤᠭ᠎ᠠ ᠪᠦᠷᠢ ᠨᠢ | ᠬᠠᠷᠢᠯᠴᠠᠨ ᠬᠤᠯᠪᠣᠯᠳᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠥᠷᠳᠡᠨ ᠪᠠᠶᠢᠴᠠᠭᠠᠵᠤ ᠦᠷ᠎ᠡ | ᠪᠦᠲᠦᠮᠵᠢ ᠶᠢ ᠨᠡᠬᠡᠮᠵᠢᠯᠡᠬᠦ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ | ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠲᠡᠰ ᠤᠨ ᠺᠠᠳ᠋ᠷ ᠥᠭᠡᠷᠡᠴᠢᠯᠡᠯᠲᠡ ᠶᠢ ᠠᠬᠢᠭᠤᠯᠬᠤ | ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ | ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭᠤ᠂ | ᠬᠦᠴᠢᠷ ᠢ ᠰᠥᠷᠦᠨ ᠤᠷᠤᠭᠰᠢᠯᠠᠬᠤ ᠤᠯᠤᠰ ᠲᠦᠷᠦ ᠶᠢᠨ ᠰᠥᠰᠥ ᠵᠣᠷᠢᠭ ᠢᠶᠠᠷ ᠵᠥᠷᠢᠴᠡᠯ ᠪᠠ ᠠᠰᠠᠭᠤᠳᠠᠯ ᠳᠤ | ᠰᠢᠭᠤᠳ ᠬᠠᠨᠳᠤᠵᠤ᠂ ᠠᠷᠬᠠᠭ ᠭᠡᠮ ᠢ ᠠᠷᠢᠯᠭᠠᠵᠤ᠂ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠳᠠᠭᠠᠨ | ᠬᠤᠶᠢᠰᠢ ᠤᠬᠤᠷᠢᠬᠤ ᠦᠭᠡᠢ ᠪᠠᠶᠢᠵᠤ᠂ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠣᠷᠣᠨ ᠵᠠᠢ ᠶᠢ ᠴᠢᠷᠮᠠᠶᠢᠨ ᠨᠡᠭᠡᠭᠡᠬᠦ | ᠬᠡᠷᠡᠭᠲᠡᠢ᠃ ᠰᠢᠨᠵᠢᠯᠡᠬᠦ ᠤᠬᠠᠭᠠᠨᠴᠢ ᠠᠷᠭ᠎ᠠ ᠪᠠᠷ ᠥᠭᠡᠷᠡᠴᠢᠯᠡᠯᠲᠡ ᠶᠢ ᠠᠬᠢᠭᠤᠯᠬᠤ ᠳᠠᠭᠠᠨ ᠴᠢᠳᠠᠮᠠᠭᠠᠢ ᠪᠠᠶᠢᠵᠤ᠂ | ᠰᠢᠰᠲ᠋ᠧᠮ ᠲᠠᠢ ᠪᠠᠶᠢᠷᠢᠯᠠᠭᠤᠯᠵᠤ᠂ ᠤᠬᠠᠭᠠᠯᠠᠨ ᠲᠥᠯᠥᠪᠯᠡᠵᠦ ᠲᠣᠭᠲᠠᠭᠰᠠᠨ ᠤ ᠲᠠᠷᠠᠭ᠎ᠠ ᠬᠥᠳᠡᠯᠦᠯᠴᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠠᠯᠢᠪᠠ ᠢᠳᠡᠪᠬᠢ ᠬᠦᠴᠦᠨ | ᠵᠦᠢᠯ ᠢ ᠭᠦᠢᠴᠡᠳ ᠳᠠᠶᠢᠴᠢᠯᠠᠬᠤ ᠨᠢ ᠥᠭᠡᠷᠡᠴᠢᠯᠡᠯᠲᠡ ᠶᠢ ᠤᠷᠤᠭᠰᠢᠲᠠᠢ ᠠᠬᠢᠭᠤᠯᠬᠤ ᠳᠤ ᠲᠤᠶᠢᠯ ᠤᠨ ᠴᠢᠬᠤᠯᠠ ᠶᠤᠮ᠃ | ᠥᠭᠡᠷᠡᠴᠢᠯᠡᠯᠲᠡ ᠶᠢᠨ ᠶᠠᠷᠢᠶ᠎ᠠ ᠬᠡᠯᠡᠯᠴᠡᠭᠡᠨ ᠤ ᠬᠥᠲᠥᠯᠥᠨ ᠳᠠᠭᠠᠭᠤᠯᠬᠤ ᠠᠵᠢᠯ ᠢ ᠦᠨᠡᠨ ᠬᠦ ᠰᠠᠶᠢᠲᠤᠷ ᠬᠢᠵᠦ᠂ ᠵᠥᠪ | ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠭᠤᠣᠯ ᠭᠦᠭ ᠠᠶᠠᠰ ᠢ ᠴᠢᠪᠬᠠᠳᠠᠵᠤ᠂ ᠢᠳᠡᠪᠬᠢ ᠬᠦᠴᠦᠨ ᠢ | ᠳᠠᠮᠵᠢᠭᠤᠯᠬᠤ ᠬᠡᠷᠡᠭᠲᠡᠢ᠃ ᠪᠦᠭᠦᠳᠡ ᠬᠤᠷᠠᠯ ᠤᠨ ︽ᠲᠣᠭᠲᠠᠭᠠᠯ︾ ᠳᠤ ᠳᠤᠷᠠᠳᠤᠭᠰᠠᠨ ᠵᠠᠷᠢᠮ ᠴᠢᠬᠤᠯᠠ ᠶᠡᠭᠡ | ᠤᠨᠤᠯ ᠤᠨ ᠦᠵᠡᠯᠲᠡ ᠶᠢ ᠰᠤᠳᠤᠯᠬᠤ ᠪᠠ ᠲᠣᠳᠣᠷᠬᠠᠶᠢᠯᠠᠨ ᠲᠠᠶᠢᠯᠪᠤᠷᠢᠯᠠᠬᠤ ᠠᠵᠢᠯ ᠢ ᠴᠢᠩᠭᠠᠳᠬᠠᠵᠤ᠂ ᠢᠯᠠᠩᠭᠤᠶ᠎ᠠ | ᠦᠨᠳᠦᠰᠦᠨ ᠱᠠᠲᠤ ᠪᠠ ᠤᠯᠠᠨ ᠲᠦᠮᠡᠨ ᠳᠤ ᠬᠠᠨᠳᠤᠭᠤᠯᠤᠭᠰᠠᠨ ᠤᠬᠠᠭᠤᠯᠭ᠎ᠠ᠂ ᠲᠠᠶᠢᠯᠤᠮᠵᠢ ᠶᠢ ᠴᠢᠩᠭᠠᠳᠬᠠᠵᠤ᠂ ᠴᠠᠭ | ᠲᠤᠬᠠᠢ ᠳᠤᠨᠢ ᠮᠠᠳᠠᠭ ᠡᠭᠡᠳᠡᠷᠡᠭᠡᠨ ᠢ ᠲᠠᠶᠢᠯᠤᠨ ᠲᠥᠭᠡᠷᠢᠭᠳᠡᠯ ᠢ ᠠᠷᠢᠯᠭᠠᠵᠤ᠂ ᠨᠡᠶᠢᠭᠡᠮ ᠤᠨ ᠠᠩᠬᠠᠷᠴᠤ ᠪᠠᠶᠢᠭ᠎ᠠ | ᠠᠰᠠᠭᠤᠳᠠᠯ ᠳᠤ ᠬᠠᠷᠢᠭᠤᠯᠲᠠ ᠥᠭᠴᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠪᠦᠭᠦ ᠨᠠᠮ ᠪᠦᠭᠦ | ᠨᠡᠶᠢᠭᠡᠮ ᠢᠶᠠᠷ ᠢᠶᠠᠨ ᠥᠭᠡᠷᠡᠴᠢᠯᠡᠯᠲᠡ ᠶᠢ ᠬᠠᠮᠲᠤ ᠪᠠᠷ ᠠᠳᠬᠤᠬᠤ ᠦᠵᠡᠯ ᠰᠠᠨᠠᠭᠠᠨ ᠤ ᠰᠠᠭᠤᠷᠢ᠂ ᠤᠯᠠᠨ ᠲᠦᠮᠡᠨᠴᠢ | ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠺᠠᠳ᠋ᠷ᠂ ᠣᠯᠠᠨ ᠲᠦᠮᠡᠨ ᠤ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠬᠤ ᠶᠢ | ᠬᠥᠲᠥᠯᠥᠨ ᠵᠢᠯᠤᠭᠤᠳᠴᠤ᠂ ᠥᠭᠡᠷᠡᠴᠢᠯᠡᠯᠲᠡ ᠶᠢᠨ ᠳᠤᠮᠳᠠᠬᠢ ᠠᠰᠢᠭ ᠲᠤᠰᠠ ᠶᠢᠨ ᠬᠠᠷᠢᠴᠠᠭ᠎ᠠ ᠶᠢ ᠲᠣᠬᠢᠷᠠᠭᠤᠯᠬᠤ ᠪᠠ | ᠬᠤᠪᠢ ᠬᠥᠮᠥᠨ ᠤ ᠠᠰᠢᠭ ᠬᠤᠣᠷ ᠣᠯᠵᠤ ᠠᠯᠳᠠᠬᠤ ᠳᠤ ᠵᠥᠪ ᠢᠶᠠᠷ ᠬᠠᠨᠳᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ | ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠠᠴᠠ ᠲᠣᠭᠲᠠᠭᠠᠭᠰᠠᠨ ᠠᠯᠢ ᠤᠯᠠᠨ ᠴᠢᠬᠤᠯᠠ ᠶᠡᠭᠡ ᠠᠷᠭ᠎ᠠ | ᠬᠡᠮᠵᠢᠶ᠎ᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠡᠯ᠎ᠡ ᠵᠦᠢᠯ ᠤᠨ ᠨᠥᠭᠡᠴᠡ ᠲᠦᠷᠦ ᠶᠢᠨ ᠪᠣᠳᠣᠯᠭ᠎ᠠ ᠪᠣᠯᠣᠨ | ᠨᠡᠮᠡᠭᠳᠡᠯ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠠᠮ ᠠᠷᠭ᠎ᠠ ᠬᠡᠮᠵᠢᠶ᠎ᠡ ᠶᠢ ᠰᠠᠶᠢᠲᠤᠷ | ᠬᠡᠷᠡᠭᠵᠢᠭᠦᠯᠵᠦ᠂ ᠰᠡᠭᠦᠯᠴᠢ ᠶᠢᠨ ᠬᠤᠶᠠᠷ ᠰᠠᠷ᠎ᠠ ᠶᠢᠨ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ | ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | ᠯᠢ ᠴᠢᠶᠠᠩ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠭᠤᠣᠯ ᠰᠠᠨᠠᠭ᠎ᠠ ᠨᠢ ᠠᠯᠤᠰ ᠭᠡᠳᠤ ᠶᠢᠨ᠂ ᠦᠵᠡᠯ ᠰᠠᠨᠠᠭ᠎ᠠ ᠨᠢ ᠭᠦᠨ᠂ ᠨᠡᠪᠳᠡᠷᠡᠳᠡᠯ᠎ᠡ ᠥᠭᠦᠯᠡᠵᠦ᠂ | ᠠᠭᠤᠯᠬᠤᠨ ᠨᠢ ᠪᠠᠶᠠᠯᠢᠭ ᠪᠠᠶᠢᠵᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠣᠨᠣᠯᠴᠢ ᠴᠢᠨᠠᠷ᠂ ᠬᠠᠨᠳᠤᠯᠭᠠᠲᠤ ᠴᠢᠨᠠᠷ᠂ | ᠵᠢᠯᠤᠭᠤᠳᠬᠤ ᠴᠢᠨᠠᠷ ᠲᠠᠢ᠂ ᠪᠦᠭᠦ ᠨᠠᠮ ᠢᠯᠠᠩᠭᠤᠶ᠎ᠠ ᠳᠡᠭᠡᠳᠦ ᠲᠡᠰ ᠤᠨ ᠺᠠᠳ᠋ᠷᠴᠤᠳ ᠤᠨ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠣᠨᠣᠪᠴᠢᠲᠠᠢ ᠣᠶᠢᠯᠠᠭᠠᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ | ᠵᠢᠯᠤᠭᠤᠳᠬᠤ ᠦᠵᠡᠯ ᠰᠠᠨᠠᠭ᠎ᠠ᠂ ᠶᠡᠷᠦᠩᠬᠡᠢ ᠬᠠᠷᠠᠯᠲᠠ᠂ ᠴᠢᠬᠤᠯᠠ ᠶᠡᠭᠡ ᠵᠠᠷᠴᠢᠮ᠂ ᠰᠢᠨᠵᠢᠯᠡᠬᠦ ᠤᠬᠠᠭᠠᠨᠴᠢ ᠠᠷᠭ᠎ᠠ ᠶᠢ | ᠭᠦᠨᠵᠡᠭᠡᠢ ᠡᠵᠡᠮᠰᠢᠬᠦ᠂ ᠥᠭᠡᠷᠡᠴᠢᠯᠡᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠬᠤ᠂ ᠥᠭᠡᠷᠡᠴᠢᠯᠡᠯᠲᠡ ᠶᠢᠨ ᠴᠢᠭᠯᠡᠯ ᠢ | ᠣᠨᠣᠪᠴᠢᠲᠠᠶ ᠡᠵᠡᠮᠰᠢᠬᠦ᠂ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠴᠢᠩᠭᠠᠳᠬᠠᠬᠤ᠂ ᠥᠭᠡᠷᠡᠴᠢᠯᠡᠯᠲᠡ ᠶᠢᠨ ᠬᠠᠮᠲᠤᠷᠠᠯ | ᠬᠦᠴᠦᠨ ᠢ ᠨᠢᠭᠲᠠᠷᠠᠭᠤᠯᠬᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠣᠨᠣᠪᠴᠢᠲᠠᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠳᠤ ᠮᠠᠰᠢ ᠴᠢᠬᠤᠯᠠ ᠠᠴᠢ ᠬᠤᠯᠪᠣᠭᠳᠠᠯ ᠲᠠᠢ | ᠶᠤᠮ᠃ ᠡᠭᠦᠷᠭᠡᠯᠡᠯ ᠢ ᠪᠣᠳᠣᠯᠬᠢᠯᠠᠵᠤ ᠰᠤᠷᠤᠯᠴᠠᠨ᠂ ᠬᠠᠷᠢᠭᠤᠴᠠᠯᠭ᠎ᠠ ᠡᠪᠦᠷᠯᠡᠨ ᠰᠤᠷᠤᠯᠴᠠᠵᠤ᠂ ᠠᠰᠠᠭᠤᠳᠠᠯ ᠢ ᠠᠪᠴᠤ | ᠰᠤᠷᠤᠯᠴᠠᠨ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠪᠠᠶᠠᠯᠢᠭ ᠠᠭᠤᠯᠬᠤᠨ᠂ ᠭᠤᠣᠯ ᠠᠭᠤᠯᠭ᠎ᠠ ᠪᠠ | ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠪᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ | ᠨᠢᠭᠡᠳᠬᠡᠵᠦ᠂ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠲᠦᠭᠡᠯᠴᠢ ᠪᠠᠷ ᠰᠠᠶᠢᠲᠤᠷ ᠠᠳᠬᠤᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠭᠡᠰᠢᠭᠦᠨ ᠳᠡᠳ᠋ ᠬᠤᠷᠢᠶᠠᠨ ᠳᠠᠷᠤᠭ᠎ᠠ᠂ ᠲᠦᠷᠦ ᠶᠢᠨ | ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠨᠠᠮ ᠤᠨ ᠭᠡᠰᠢᠭᠦᠨ ᠳᠡᠳ᠋ ᠲᠡᠷᠢᠭᠦᠯᠡᠭᠴᠢ ᠵᠢᠴᠢ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠭᠡᠰᠢᠭᠦᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ | ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠲᠥᠪ ᠠᠴᠠ ᠬᠠᠮᠢᠶᠠᠷᠴᠤ | ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠴᠢᠯᠦᠭᠡᠯᠡᠬᠦ | ᠴᠡᠷᠢᠭ ᠤᠨ ᠡᠯ᠎ᠡ ᠨᠢᠭᠡᠴᠢ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠭᠤᠣᠯ ᠬᠠᠷᠢᠭᠤᠴᠠᠯᠭᠠᠲᠠᠨ | ᠨᠥᠬᠦᠳ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ᠃ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ | ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠵᠢᠴᠢ ᠬᠤᠯᠪᠣᠭᠳᠠᠯ ᠪᠦᠬᠦᠢ ᠲᠠᠯ᠎ᠠ ᠶᠢᠨ | ᠬᠠᠷᠢᠭᠤᠴᠠᠯᠭᠠᠲᠠᠨ ᠰᠤᠷᠤᠯᠭ᠎ᠠ ᠡᠬᠢᠯᠡᠬᠦ ᠶᠣᠰᠣᠯᠠᠯ ᠳᠤ ᠰᠤᠯᠠ ᠣᠷᠣᠯᠴᠠᠵᠠᠢ᠃ | | | | | | | | |