11 ᠰᠠᠷ᠎ᠠ ᠶᠢᠨ 6 ᠤ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯᠯᠠᠬᠤ | ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠡᠷᠬᠢᠯᠡᠭᠴᠢ ᠴᠠᠩ ᠱᠧᠩ ᠬᠠᠮᠢᠶᠠᠷᠤᠯᠲᠠ ᠶᠢᠨ ᠵᠥᠪᠯᠡᠯ ᠤᠨ 2024 ᠣᠨ ᠤ 13 ᠳ᠋ᠤᠭᠠᠷ | ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 9 ᠳ᠋ᠦᠭᠡᠷ ᠤᠳᠠᠭ᠎ᠠ ᠶᠢᠨ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠂ ᠰᠢ ᠶᠢᠨ ᠫᠢᠩ ᠶᠡᠷᠦᠩᠬᠡᠢ ᠱᠦᠵᠢ ᠶᠢᠨ ᠮᠤᠵᠢ ᠶᠠᠮᠤᠨ ᠤ ᠳᠡᠰ ᠤᠨ ᠭᠤᠣᠯ | ᠤᠳᠤᠷᠢᠳᠬᠤ ᠺᠠᠳ᠋ᠷᠴᠤᠳ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ 10 ᠰᠠᠷ᠎ᠠ ᠶᠢᠨ 28 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠲᠥᠰᠥᠪ ᠲᠤ ᠲᠣᠬᠢᠷᠠᠭᠤᠯᠤᠯᠲᠠ ᠬᠢᠬᠦ | ᠬᠤᠷᠠᠯ ᠬᠢᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠪᠠᠯᠭᠠᠰᠤ ᠲᠠᠯᠠᠪᠤᠷ᠂ ᠡᠯ᠎ᠡ ᠰᠠᠯᠠᠭ᠎ᠠ ᠮᠥᠴᠢᠷ ᠤᠨ ᠬᠢᠨ | ᠰᠢ ᠶᠢᠨ ᠫᠢᠩ ᠶᠡᠷᠦᠩᠬᠡᠢ ᠱᠦᠵᠢ ᠶᠢᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ᠲᠤᠰᠬᠠᠢ | ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠭᠤᠣᠯ ᠠᠭᠤᠯᠭ᠎ᠠ᠂ ᠪᠠᠶᠠᠯᠢᠭ | ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ | ᠨᠢᠭᠡᠳᠬᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ | ᠠᠬᠢᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠯᠠᠪᠳᠠᠭᠤᠨ ᠢᠶᠠᠷ ᠬᠤᠯᠠ | ᠠᠶᠠᠯᠠᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠣᠳᠠᠲᠠᠢ ᠦᠷ᠎ᠡ ᠪᠦᠲᠦᠮᠵᠢ ᠪᠠᠷ ︽ᠬᠤᠶᠠᠷ ᠢ | ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ | ᠢᠯᠵᠢᠷᠡᠯ ᠢ ᠡᠰᠡᠷᠭᠦᠴᠡᠬᠦ ᠲᠡᠮᠡᠴᠡᠯ ᠢ ᠴᠢᠩᠭᠠᠳᠬᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ | ᠢᠯᠵᠢᠷᠡᠯ ᠤᠨ ᠠᠰᠠᠭᠤᠳᠠᠯ ᠢ ᠰᠡᠷᠭᠡᠶᠢᠯᠡᠬᠦ ᠪᠠ ᠵᠠᠰᠠᠬᠤ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ | ᠪᠦᠲᠦᠮᠵᠢᠲᠡᠢ ᠪᠠᠶᠢᠯᠭᠠᠬᠤ ᠶᠢ ᠠᠬᠢᠭᠤᠯᠬᠤ ᠬᠡᠷᠡᠭᠲᠡᠢ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠦᠯᠬᠢᠨ | ᠠᠬᠢᠭᠤᠯᠵᠤ᠂ ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ ᠪᠤᠳᠤᠬᠤ ᠦᠭᠡᠢ | ᠪᠠᠶᠢᠬᠤ ᠶᠢ ᠨᠢᠭᠡ ᠴᠣᠭᠴᠠᠵᠢᠭᠤᠯᠤᠨ ᠲᠦᠯᠬᠢᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ | ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ | ᠪᠠᠲᠤ ᠶᠢ ᠴᠢᠩᠳᠠᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ | ᠬᠠᠤᠯᠢ ᠶᠣᠰᠣᠭᠠᠷ ᠴᠢᠩᠭᠠᠳᠬᠠᠵᠤ᠂ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠪᠠ ᠦᠷ᠎ᠡ | ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ | ᠳᠡᠭᠡᠭᠰᠢᠯᠡᠭᠦᠯᠬᠦ ᠬᠡᠷᠡᠭᠲᠡᠢ᠃ ︽ᠠᠷᠪᠢᠯᠠᠨ ᠭᠠᠮᠨᠠᠵᠤ ᠠᠮᠢᠳᠤᠷᠠᠬᠤ︾ ᠶᠢ ᠤᠷᠳᠤ ᠬᠤᠭᠤᠴᠠᠭᠠᠨ ᠤ ᠴᠢᠭᠯᠡᠯᠲᠡ | ᠪᠣᠯᠭᠠᠵᠤ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ | ᠢ ᠪᠠᠭᠠᠰᠬᠠᠨ᠂ ᠨᠡᠩ ᠤᠯᠠᠨ ᠪᠡᠯᠡ ᠮᠥᠩᠭᠦ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠰᠢᠯᠢᠳᠡᠭᠵᠢᠭᠦᠯᠦᠨ | ᠬᠥᠭᠵᠢᠭᠦᠯᠬᠦ ᠳᠤ ᠬᠡᠷᠡᠭᠯᠡᠬᠦ ᠬᠡᠷᠡᠭᠲᠡᠢ᠃ | | | | | | | | | | | | | | | |