ᠪᠦᠬᠦ ᠲᠠᠯ᠎ᠠ ᠪᠠᠷ ᠬᠡᠷᠡᠭᠵᠢᠭᠦᠯᠦᠨ᠎ᠡ︕
ᠨᠡᠶᠢᠲᠡᠯᠡᠭᠰᠡᠨ ᠴᠠᠭ᠄
2024/12/19

ᠪᠦᠬᠦ ᠲᠠᠯ᠎ᠠ ᠪᠠᠷ ᠬᠡᠷᠡᠭᠵᠢᠭᠦᠯᠦᠨ᠎ᠡ︕

   ᠰᠤᠷᠪᠤᠯᠵᠢᠯᠠᠭᠴᠢ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 12

ᠰᠠᠷ᠎ᠠ ᠶᠢᠨ 2 ᠤᠨ ᠡᠳᠦᠷ ᠠᠴᠠ ᠡᠬᠢᠯᠡᠨ ᠮᠠᠰᠢᠨ ᠲᠡᠷᠭᠡᠨ ᠤ ᠠᠶᠠᠯᠠᠯ ᠤᠨ ᠦᠨᠡᠮᠯᠡᠯ ᠢ ᠪᠥᠬᠦ ᠤᠯᠤᠰ ᠲᠤ

ᠡᠯᠧᠺᠳ᠋ᠷᠤᠨᠴᠢᠯᠠᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠤᠯᠤᠰ ᠤᠨ ᠪᠣᠶ ᠪᠥᠬᠦᠶ ᠲᠡᠷᠭᠡᠨ ᠤ ᠡᠵᠡᠨ ᠴᠥᠮ

︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠪᠠᠷ ᠳᠠᠮᠵᠢᠭᠤᠯᠤᠨ ᠡᠯᠧᠺᠳ᠋ᠷᠣᠨ ᠠᠶᠠᠯᠠᠯ ᠤᠨ

ᠦᠨᠡᠮᠯᠡᠯ ᠭᠤᠶᠤᠴᠢᠯᠠᠨ ᠠᠪᠴᠤ ᠪᠣᠯᠤᠨ᠎ᠠ᠃ ᠡᠨᠡ ᠵᠢᠯ ᠤᠨ 7 ᠰᠠᠷ᠎ᠠ ᠶᠢᠨ 1 ᠤ ᠡᠳᠦᠷ᠂ ᠳᠣᠲᠣᠭᠠᠳᠤ ᠶᠢ

ᠬᠠᠮᠠᠭᠠᠯᠠᠬᠤ ᠶᠠᠮᠤᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠳᠣᠲᠣᠭᠠᠳᠤ ᠶᠢ

ᠬᠠᠮᠠᠭᠠᠯᠠᠬᠤ 8 ᠵᠦᠢᠯ ᠤᠨ ᠥᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂

ᠲᠤᠷᠰᠢᠯᠲᠠ ᠬᠢᠭᠰᠡᠨ ᠰᠠᠭᠤᠷᠢᠨ ᠳᠡᠭᠡᠷ᠎ᠡ᠂ ᠪᠥᠬᠦ ᠤᠯᠤᠰ ᠲᠤ ᠮᠠᠰᠢᠨ ᠲᠡᠷᠭᠡᠨ ᠤ ᠠᠶᠠᠯᠠᠯ ᠤᠨ ᠦᠨᠡᠮᠯᠡᠯ ᠢ

ᠡᠯᠧᠺᠳ᠋ᠷᠤᠨᠴᠢᠯᠠᠨ ᠬᠡᠷᠡᠭᠯᠡᠬᠦ ᠶᠢ ᠪᠦᠯᠦᠭ ᠬᠤᠪᠢᠶᠠᠨ ᠳᠡᠯᠭᠡᠷᠡᠭᠦᠯᠪᠡ᠃ ᠣᠳᠣᠬᠠᠨ ᠪᠣᠯᠲᠠᠯ᠎ᠠ ᠨᠢᠭᠡᠨᠲᠡ 8600

ᠭᠠᠷᠤᠶ ᠲᠦᠮᠡᠨ ᠲᠡᠷᠭᠡᠨ ᠤ ᠡᠵᠡᠨ ᠳᠤ ᠡᠯᠧᠺᠳ᠋ᠷᠣᠨ ᠠᠶᠠᠯᠠᠯ ᠤᠨ ᠦᠨᠡᠮᠯᠡᠯ ᠣᠯᠭᠤᠵᠤ᠂ ᠰᠦᠯᠵᠢᠶᠡᠨ ᠳᠡᠭᠡᠷ᠎ᠡ ︽

ᠦᠨᠡᠮᠯᠡᠯ ᠢᠶᠠᠨ ᠦᠵᠡᠭᠦᠯᠬᠦ︾ ︽ᠺᠣᠳ᠋ ᠢᠶᠠᠨ ᠦᠵᠡᠭᠦᠯᠬᠦ︾ ᠤᠶᠢᠯᠡᠴᠢᠯᠡᠭᠡ ᠬᠠᠩᠭᠠᠪᠠ᠃ ᠣᠶᠢᠯᠠᠭᠠᠭᠰᠠᠨ ᠢᠶᠠᠷ᠂

8 ᠵᠦᠢᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ

ᠨᠡᠶᠢᠲᠡᠯᠡᠭᠰᠡᠨ ᠠᠴᠠ ᠨᠠᠰᠢ ᠨᠢᠭᠡᠨᠲᠡ 1 ᠳ᠋ᠦᠩᠰᠢᠭᠤᠷ ᠭᠠᠷᠤᠶ ᠬᠥᠮᠦᠨ ᠤᠳᠠᠭ᠎ᠠ ᠳᠤ ᠠᠰᠢᠭ ᠬᠦᠷᠲᠡᠭᠡᠵᠦ᠂ ᠣᠯᠠᠨ

ᠲᠦᠮᠡᠨ ᠪᠠ ᠠᠵᠤ ᠠᠬᠤᠶᠢᠯᠠᠯ ᠤᠨ ᠳᠠᠷᠤᠭᠠᠰᠤ ᠶᠢ 40 ᠳ᠋ᠦᠩᠰᠢᠭᠤᠷ ᠭᠠᠷᠤᠶ ᠲᠥᠭᠦᠷᠢᠭ ᠬᠥᠩᠭᠡᠷᠡᠭᠦᠯᠵᠡᠶ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号