ᠰᠤᠷᠤᠭᠴᠢᠳ ᠤᠨ ᠭᠠᠳᠠᠭᠰᠢ ᠭᠠᠷᠬᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠬᠤ ᠶᠢᠨ | ᠲᠥᠯᠥᠭᠡ ᠲᠡᠮᠦᠷ ᠵᠠᠮ ᠤᠨ ᠰᠠᠯᠠᠭ᠎ᠠ ᠮᠥᠴᠢᠷ ᠠᠴᠠ 12306 ᠦᠢᠯᠡᠴᠢᠯᠡᠭᠡᠨ ᠤ ᠲᠥᠪ ᠰᠤᠷᠤᠭᠴᠢᠳ ᠤᠨ | ᠪᠢᠯᠧᠲ ᠬᠤᠳᠠᠯᠳᠤᠨ ᠠᠪᠬᠤ ᠬᠠᠮᠢᠶ᠎ᠠ ᠪᠥᠬᠦᠶ ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠪᠡ᠃ ︽ | ᠰᠤᠷᠤᠭᠴᠢᠳ ᠤᠨ ᠪᠢᠯᠧᠲ ᠵᠠᠬᠢᠶᠠᠯᠠᠬᠤ ᠦᠢᠯᠡᠴᠢᠯᠡᠭᠡ︾ ᠶᠢᠨ ᠴᠢᠳᠠᠮᠵᠢ 8 ᠰᠠᠷ᠎ᠠ ᠶᠢᠨ 20 ᠤ ᠡᠳᠦᠷ ᠠᠴᠠ 9 | ᠰᠠᠷ᠎ᠠ ᠶᠢᠨ 8 ᠤ ᠡᠳᠦᠷ ᠪᠣᠯᠲᠠᠯ᠎ᠠ ᠡᠳᠦᠷ ᠪᠦᠷᠢ ᠶᠢᠨ 5᠄ 00 ᠴᠠᠭ ᠠᠴᠠ 23᠄ 00 ᠴᠠᠭ ᠪᠣᠯᠲᠠᠯ᠎ᠠ᠂ ᠲᠡᠮᠦᠷ | ᠵᠠᠮ ᠤᠨ ᠰᠠᠯᠠᠭ᠎ᠠ ᠮᠥᠴᠢᠷ ᠠᠴᠠ 12306 ᠳᠤ ᠳᠠᠩᠰᠠᠯᠠᠭᠤᠯᠤᠭᠰᠠᠨ ᠬᠡᠷᠡᠭᠯᠡᠭᠴᠢ ᠶᠢᠨ ᠲᠥᠷᠥᠯ ᠬᠡᠯᠪᠡᠷᠢ ᠪᠠᠨ | ᠰᠣᠷᠣᠭᠴᠢ ︵ᠰᠣᠷᠣᠭᠴᠢ ᠶᠢᠨ ᠬᠠᠷᠠᠭᠠᠯᠵᠠᠯ ᠤᠨ ᠬᠢᠷᠢ ᠬᠡᠮ ᠤᠨ ᠬᠢᠨᠠᠨ ᠰᠢᠯᠭᠠᠯᠲᠠ ᠶᠢᠨ ᠮᠡᠳᠡᠭᠡ ᠵᠠᠩᠭᠢ ᠶᠢ | ᠤᠷᠢᠳᠴᠢᠯᠠᠨ ᠲᠠᠭᠯᠠᠬᠤ ᠴᠢᠬᠤᠯᠠᠲᠠᠶ︶ ᠭᠡᠵᠦ ᠪᠢᠴᠢᠭᠰᠡᠨ ᠬᠦᠮᠦᠰ ᠲᠤ ᠴᠢᠭᠯᠡᠬᠦᠯᠦᠨ᠂ ︽ᠮᠢᠨᠦ︾ ᠭᠡᠬᠦ | ᠨᠢᠭᠤᠷ ᠤᠨ ᠡᠭᠡᠯᠵᠢᠯᠡᠨ ᠨᠡᠪᠲᠡᠷᠡᠭᠦᠯᠬᠦ ᠲᠣᠭᠤᠷᠢᠭ ᠲᠤ ︽ᠰᠣᠷᠣᠭᠴᠢ ᠶᠢᠨ ᠪᠢᠯᠧᠲ ᠵᠠᠬᠢᠶᠠᠯᠠᠨ ᠬᠤᠳᠠᠯᠳᠤᠨ ᠠᠪᠬᠤ | ᠦᠢᠯᠡᠴᠢᠯᠡᠭᠡ︾ ᠶᠢᠨ ᠣᠷᠣᠬᠤ ᠡᠭᠦᠳᠡ ᠶᠢ ᠨᠡᠮᠡᠵᠦ ᠭᠠᠷᠭᠠᠪᠠ᠂ ᠡᠨᠡ ᠬᠦ ᠣᠷᠣᠬᠤ ᠡᠭᠦᠳᠡ ᠪᠠᠷ 9 ᠰᠠᠷ᠎ᠠ ᠶᠢᠨ | 5 ᠤ ᠡᠳᠦᠷ ᠠᠴᠠ 9 ᠰᠠᠷ᠎ᠠ ᠶᠢᠨ 23 ᠤ ᠡᠳᠦᠷ ᠪᠣᠯᠲᠠᠯ᠎ᠠ ᠪᠢᠯᠧᠲ ᠵᠠᠬᠢᠶᠠᠯᠠᠵᠤ ᠪᠣᠯᠤᠨ᠎ᠠ᠃ ᠤᠷᠢᠳᠴᠢᠯᠠᠨ | ᠬᠤᠳᠠᠯᠳᠤᠬᠤ ᠬᠤᠭᠤᠴᠠᠭ᠎ᠠ ︵9 ᠰᠠᠷ᠎ᠠ ᠶᠢᠨ 5 ᠤ ᠡᠳᠦᠷ ᠤᠨ ᠳᠣᠲᠣᠷ᠎ᠠ︶ ᠳᠤ ᠤᠷᠤᠭᠰᠠᠨ ᠲᠡᠷᠭᠡᠨ ᠪᠢᠯᠧᠲ ᠢ | ᠬᠡᠪ ᠤᠨ ᠠᠷᠭ᠎ᠠ ᠪᠠᠷ ᠬᠤᠳᠠᠯᠳᠤᠨ᠎ᠠ᠂ ᠬᠡᠷᠪᠡ ᠲᠡᠷᠭᠡᠨ ᠪᠢᠯᠧᠲ ᠢ ᠬᠤᠳᠠᠯᠳᠤᠭᠠᠳ ᠪᠠᠷᠠᠴᠢᠬᠠᠪᠠᠯ᠂ ᠣᠷᠣᠯᠠᠭᠴᠢ | ᠴᠢᠳᠠᠮᠵᠢ ᠶᠢ ᠬᠡᠷᠡᠭᠯᠡᠵᠦ ᠪᠣᠯᠤᠨ᠎ᠠ᠃ ︽ᠰᠤᠷᠤᠭᠴᠢᠳ ᠤᠨ ᠭᠠᠳᠠᠭᠰᠢ ᠭᠠᠷᠬᠤ ᠬᠡᠷᠡᠭᠴᠡᠭᠡ ᠶᠢᠨ ᠮᠡᠳᠡᠭᠡ ᠵᠠᠩᠭᠢ ᠶᠢ | ᠴᠤᠭᠯᠠᠭᠤᠯᠬᠤ︾ ᠴᠢᠳᠠᠮᠵᠢ 8 ᠰᠠᠷ᠎ᠠ ᠶᠢᠨ 20 ᠤ ᠡᠳᠦᠷ ᠠᠴᠠ 9 ᠰᠠᠷ᠎ᠠ ᠶᠢᠨ 23 ᠤ ᠡᠳᠦᠷ ᠪᠣᠯᠲᠠᠯ᠎ᠠ᠂ | 12306 ᠳᠤ ᠳᠠᠩᠰᠠᠯᠠᠭᠤᠯᠤᠭᠰᠠᠨ ᠬᠡᠷᠡᠭᠯᠡᠭᠴᠢ ᠶᠢᠨ ᠲᠥᠷᠥᠯ ᠬᠡᠯᠪᠡᠷᠢ ᠪᠠᠨ ᠰᠣᠷᠣᠭᠴᠢ ︵ᠰᠣᠷᠣᠭᠴᠢ ᠶᠢᠨ | ᠬᠠᠷᠠᠭᠠᠯᠵᠠᠯ ᠤᠨ ᠬᠢᠷᠢ ᠬᠡᠮ ᠢ ᠬᠢᠨᠠᠨ ᠰᠢᠯᠭᠠᠭᠰᠠᠨ ᠮᠡᠳᠡᠭᠡ ᠵᠠᠩᠭᠢ ᠶᠢ ᠤᠷᠢᠳᠴᠢᠯᠠᠨ ᠲᠠᠭᠯᠠᠬᠤ ᠴᠢᠬᠤᠯᠠᠲᠠᠶ︶ | ᠭᠡᠵᠦ ᠪᠢᠴᠢᠭᠰᠡᠨ ᠬᠦᠮᠦᠰ ᠰᠦᠯᠵᠢᠶ᠎ᠠ ᠳᠤ ᠭᠠᠷᠤᠬᠰᠠᠨ ᠤ ᠳᠠᠷᠠᠭ᠎ᠠ ᠲᠦᠷᠦᠭᠦᠦ ᠨᠢᠭᠤᠷ ᠤᠨ ︽ᠭᠠᠯᠲᠤ ᠲᠡᠷᠭᠡᠨ ᠤ | ᠪᠢᠯᠧᠲ︾ ᠤᠨ ᠪᠢᠯᠧᠲ ᠬᠤᠳᠠᠯᠳᠤᠨ ᠠᠪᠬᠤ ᠨᠢᠭᠤᠷ ᠲᠤ ᠭᠠᠯᠳᠤ ᠲᠡᠷᠭᠡᠨ ᠳᠤ ᠭᠠᠷᠬᠤ ᠦᠷᠳᠡᠭᠡ ᠪᠠ ᠬᠦᠷᠬᠦ | ᠥᠷᠲᠡᠭᠡ᠂ ᠭᠠᠯᠳᠤ ᠲᠡᠷᠭᠡᠨ ᠳᠤ ᠰᠠᠭᠤᠬᠤ ᠡᠳᠦᠷ ᠬᠤᠭᠤᠴᠠᠭ᠎ᠠ ᠪᠠᠨ ᠪᠢᠴᠢᠵᠦ ᠤᠷᠤᠭᠤᠯᠤᠭᠠᠳ᠂ ︽ᠰᠢᠭᠤᠳ | ᠬᠥᠷᠬᠦ︾ ᠪᠠ ︽ᠲᠡᠷᠭᠡ ᠰᠤᠯᠢᠬᠤ︾ ᠨᠢᠭᠤᠷ ᠠᠴᠠ ᠦᠷ᠎ᠡ ᠳ᠋ᠦᠩ ᠢ ᠠᠰᠠᠭᠤᠨ ᠯᠠᠪᠯᠠᠵᠦ ᠪᠤᠯᠤᠨ᠎ᠠ᠂ ᠴᠢᠨᠦ | ᠰᠠᠭᠤᠬᠤ ᠬᠡᠰᠡᠨ ᠲᠡᠷᠡ ᠤᠳᠠᠭ᠎ᠠ ᠶᠢᠨ ᠭᠠᠯᠳᠤ ᠲᠡᠷᠭᠡ ᠪᠠᠶᠢᠬᠤ ᠥᠬᠡᠶ᠂ ᠵᠠᠮ ᠤᠨ ᠲᠤᠮᠳᠠ ᠰᠤᠯᠢᠬᠤ | ᠭᠠᠯᠳᠤ ᠲᠡᠷᠭᠡ ᠪᠠᠶᠢᠬᠤ ᠥᠬᠡᠶ ᠶᠤᠮ ᠪᠣᠯ ︽ᠲᠡᠷᠭᠡ ᠰᠤᠯᠢᠬᠤ︾ ᠨᠢᠭᠤᠷ ᠲᠤ ᠤᠷᠤᠪᠠᠯ ︽ᠰᠤᠷᠤᠭᠴᠢᠳ ᠤᠨ | ᠭᠠᠳᠠᠭᠰᠢ ᠭᠠᠷᠬᠤ ᠬᠡᠷᠡᠭᠴᠡᠭᠡ ᠶᠢᠨ ᠮᠡᠳᠡᠭᠡ ᠵᠠᠩᠭᠢ ᠶᠢ ᠴᠤᠭᠯᠠᠭᠤᠯᠬᠤ︾ ᠭᠡᠭᠦ ᠴᠢᠳᠠᠮᠵᠢ ᠢᠯᠡᠷᠡᠨ ᠭᠠᠷᠤᠨ᠎ᠠ᠃ | ᠰᠤᠷᠤᠭᠴᠢᠳ ᠥᠪᠡᠷ ᠤᠨ ᠬᠡᠷᠡᠭᠴᠡᠭᠡ ᠪᠠᠨ ᠲᠠᠭᠯᠠᠨ ᠮᠡᠳᠡᠭᠦᠯᠵᠦ ᠪᠣᠯᠤᠨ᠎ᠠ᠂ ᠪᠠᠰᠠ ᠪᠤᠰᠤᠳ ᠰᠤᠷᠤᠭᠴᠢᠳ ᠢ | ᠣᠷᠣᠯᠠᠨ ᠬᠡᠷᠡᠭᠴᠡᠭᠡ ᠶᠢ ᠨᠢ ᠲᠠᠭᠯᠠᠨ ᠮᠡᠳᠡᠭᠦᠯᠵᠦ ᠪᠣᠯᠤᠨ᠎ᠠ᠂ ᠥᠪᠡᠷ ᠤᠨ ᠲᠤᠰᠢᠶᠠᠭᠰᠠᠨ ᠬᠡᠷᠡᠭᠴᠡᠭᠡ ᠪᠠᠨ | ᠠᠰᠠᠭᠤᠨ ᠯᠠᠪᠯᠠᠬᠤ ᠪᠠ ᠬᠠᠰᠤᠵᠤ ᠬᠠᠶᠠᠵᠤ ᠪᠣᠯᠤᠨ᠎ᠠ᠃ | |