ᠭᠦᠭᠡᠬᠤᠲᠠ ︽ᠨᠢᠭᠡ ᠮᠥᠴᠡ︾ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠭᠤᠷᠢᠭ ᠢ ᠪᠠᠶᠢᠭᠤᠯᠵᠤ ᠣᠯᠠᠨ ᠲᠦᠮᠡᠨ ᠤ ᠠᠵᠢᠯ ᠣᠯᠭᠤᠯᠲᠠ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/12/19
      ᠡᠨᠡ ᠵᠢᠯ ᠠᠴᠠ᠂ ᠭᠦᠭᠡᠬᠤᠲᠠ ᠶᠢᠨ ᠬᠢᠨ ᠶᠡᠭᠡ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ᠂ ᠬᠤᠳᠠᠯᠳᠤᠭᠠᠨ ᠤ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ᠂ ᠠᠷᠰᠠᠷ ᠠᠵᠢᠯ ᠤᠨ ᠵᠠᠬ᠎ᠠ ᠳᠡᠯᠭᠡᠭᠦᠷ ᠪᠠ ᠠᠵᠢᠯ ᠤᠨ ᠥᠷᠲᠡᠭᠡ ᠵᠡᠷᠭᠡ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠴᠣᠭᠴᠠᠯᠠᠵᠤ᠂ ︽ᠨᠢᠭᠡ ᠮᠥᠴᠡ︾ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠭᠤᠷᠢᠭ ᠢ ᠢᠳᠡᠪᠬᠢᠲᠡᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠮᠢᠳᠤᠯᠢᠭ ᠢᠶᠠᠷ ᠠᠵᠢᠯ ᠣᠯᠣᠭᠰᠠᠳ ᠵᠡᠷᠭᠡ ᠡᠯ᠎ᠡ ᠲᠥᠷᠥᠯ ᠤᠨ ᠠᠵᠢᠯ ᠡᠷᠢᠭᠰᠡᠳ ᠲᠤ ᠪᠦᠲᠦᠮᠵᠢᠲᠠᠢ ᠦᠢᠯᠡᠴᠢᠯᠡᠭᠡ ᠬᠠᠩᠭᠠᠵᠤ᠂ ᠠᠵᠢᠯ ᠣᠯᠭᠤᠯᠲᠠ ᠶᠢᠨ ᠪᠣᠯᠣᠮᠵᠢᠲᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠰᠣᠩᠭᠤᠯᠲᠠ ᠶᠢᠨ ᠬᠡᠪᠴᠢᠶ᠎ᠡ ᠶᠢ ᠥᠷᠭᠡᠳᠬᠡᠪᠡ᠃ ᠣᠶᠢᠯᠠᠭᠠᠭᠰᠠᠨ ᠢᠶᠠᠷ᠂ ᠡᠨᠡ ᠵᠢᠯ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠥᠪᠥᠷ ᠮᠣᠩᠭᠤᠯ ᠤᠨ ᠶᠡᠭᠡ ᠰᠤᠷᠭᠠᠭᠤᠯᠢ ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠵᠡᠷᠭᠡ 4 ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ ᠲᠡᠭᠦᠰᠬᠦ ᠰᠤᠷᠤᠬᠴᠢᠳ ᠢ ᠭᠦᠭᠡᠬᠤᠲᠠ ᠳᠤ ᠦᠯᠡᠳᠡᠭᠡᠵᠦ ᠠᠵᠢᠯ ᠣᠯᠭᠤᠬᠤ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠤᠰᠬᠠᠢ ᠠᠵᠢᠯᠲᠠᠨ ᠪᠠ ᠶᠡᠭᠡ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠶᠢ ᠵᠢᠯᠤᠭᠤᠳᠬᠤ ᠭᠠᠵᠠᠷ ᠤᠨ ᠪᠠᠭᠰᠢ ᠵᠡᠷᠭᠡ ᠲᠤᠰᠬᠠᠶᠢᠵᠢᠭᠰᠠᠨ ᠪᠦᠯᠭᠦᠮ ᠨᠡᠶᠢᠲᠡ ᠠᠴᠠ ᠰᠤᠷᠤᠬᠴᠢ ᠶᠢᠨ ᠲᠤᠰᠬᠠᠢ ᠮᠡᠷᠭᠡᠵᠢᠯ᠂ ᠳᠤᠷ᠎ᠠ ᠰᠣᠨᠢᠷᠬᠠᠯ ᠪᠠ ᠬᠤᠪᠢ ᠬᠥᠮᠥᠨ ᠤ ᠴᠢᠳᠠᠪᠤᠷᠢ ᠵᠡᠷᠭᠡ ᠶᠢ ᠦᠨᠳᠦᠰᠦᠯᠡᠨ ᠲᠡᠭᠦᠰᠬᠦ ᠰᠤᠷᠤᠬᠴᠢᠳ ᠲᠤ ᠠᠵᠢᠯ ᠣᠯᠭᠤᠯᠲᠠ ᠶᠢᠨ ᠵᠢᠯᠣᠭᠤᠳᠤᠯᠭ᠎ᠠ ᠬᠠᠩᠭᠠᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠵᠡᠷᠭᠡ ᠪᠦᠭᠦ ᠲᠠᠯ᠎ᠠ ᠶᠢᠨ ᠦᠢᠯᠡᠴᠢᠯᠡᠭᠡ ᠬᠠᠩᠭᠠᠵᠠᠢ᠃ ᠡᠨᠡ ᠵᠢᠯ ᠤᠨ 9 ᠰᠠᠷ᠎ᠠ ᠶᠢᠨ ᠰᠡᠭᠦᠯᠴᠢ ᠪᠤᠯᠲᠠᠯ᠎ᠠ ᠭᠦᠭᠡᠬᠤᠲᠠ ᠪᠠᠰᠠ ᠭᠡᠷ ᠤᠨ ᠶᠠᠪᠤᠳᠠᠯ᠂ ᠠᠮᠤᠷ ᠢ ᠬᠠᠮᠠᠭᠠᠯᠠᠬᠤ᠂ ᠡᠬᠡ ᠨᠢᠯᠬᠠᠰ ᠢ ᠠᠰᠠᠷᠠᠨ ᠰᠤᠪᠢᠯᠠᠬᠤ᠂ ᠬᠦᠴᠦᠨ ᠤ ᠠᠵᠢᠯ ᠵᠡᠷᠭᠡ 4.5 ᠲᠦᠮᠡᠨ ᠠᠵᠢᠯ ᠤᠨ ᠪᠠᠶᠢᠷᠢ ᠬᠠᠩᠭᠠᠵᠤ᠂ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠳ᠋ᠷ ︾ ᠢ ᠨᠡᠪᠲᠡᠷᠡᠭᠦᠯᠪᠡ᠃ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠲᠤ ᠠᠷᠰᠠᠷ ᠠᠵᠢᠯ ᠤᠨ ᠥᠷᠲᠡᠭᠡ ᠶᠢ 55 ᠪᠠᠶᠢᠭᠤᠯᠵᠤ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠦᠨᠡᠨ ᠬᠦ ᠠᠬᠢᠭᠤᠯᠵᠤ᠂ ᠠᠵᠢᠯ ᠡᠷᠢᠭᠰᠡᠳ ᠲᠤ ︽ᠭᠡᠷ ᠤᠨ ᠡᠭᠦᠳᠡᠨ︾ ᠳᠡᠭᠡᠨ ᠠᠵᠢᠯ ᠣᠯᠬᠤ ᠶᠢ ᠪᠡᠶᠡᠯᠡᠭᠦᠯᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号