ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ︽ᠭᠠᠶᠢᠯᠢ ᠰᠦᠢᠳᠬᠡᠯ ᠢ ᠵᠡᠷᠭᠡ ᠪᠠᠷ ᠲᠤᠰᠢᠶᠠᠬᠤ︾ ᠦᠢᠯᠡᠴᠢᠯᠡᠭᠡ ᠵᠢᠩᠬᠢᠨᠢ ᠪᠠᠷ ᠬᠡᠷᠡᠭᠯᠡᠭᠡᠨ ᠳᠤ ᠣᠷᠣᠪᠠ
ᠨᠡᠶᠢᠲᠡᠯᠡᠭᠰᠡᠨ ᠴᠠᠭ᠄
2024/12/19
   ︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠳᠤ᠂ ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ︽ᠭᠠᠶᠢᠯᠢ ᠰᠦᠢᠳᠬᠡᠯ ᠢ ᠵᠡᠷᠭᠡ ᠪᠠᠷ ᠲᠤᠰᠢᠶᠠᠬᠤ︾ ᠦᠢᠯᠡᠴᠢᠯᠡᠭᠡ ᠶᠢ ᠵᠢᠩᠬᠢᠨᠢ ᠪᠠᠷ ᠡᠬᠢᠯᠡᠭᠦᠯᠵᠦ᠂ ᠲᠣᠭᠠᠴᠠᠭ᠎ᠠ ᠬᠢᠬᠦ ᠴᠠᠭ ᠢ 60% ᠠᠴᠠ ᠳᠡᠭᠡᠭᠰᠢ ᠪᠣᠭᠤᠨᠢᠰᠬᠠᠪᠠ᠃ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ︽ᠭᠠᠶᠢᠯᠢ ᠰᠦᠢᠳᠬᠡᠯ ᠢ ᠬᠠᠮᠲᠤ ᠳᠤ ᠨᠢ ᠲᠤᠰᠢᠶᠠᠬᠤ︾ ᠨᠢ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠳᠤ᠂ ᠲᠤᠰᠢᠶᠠᠬᠤ ᠴᠢᠬᠤᠯᠠᠲᠠᠶ ᠠᠷᠠᠯᠵᠢᠶᠠᠨ ᠤ ᠭᠠᠶᠢᠯᠢ ᠶᠢᠨ ᠮᠥᠩᠭᠦ ᠪᠠ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠵᠠᠷᠤᠳᠠᠯ᠂ ᠬᠥᠯᠥᠰᠥ ᠥᠷᠲᠡᠭ ᠤᠨ ᠵᠠᠷᠤᠳᠠᠯ ᠵᠡᠷᠭᠡ ᠶᠢ ᠨᠡᠶᠢᠯᠡᠭᠦᠯᠦᠨ ᠨᠢᠭᠡ ᠤᠳᠠᠭ᠎ᠠ ᠳᠤ ᠳᠥᠯᠥᠬᠦ ᠪᠣᠯᠭᠠᠵᠤ᠂ ᠭᠤᠶᠤᠴᠢᠯᠠᠭᠴᠢ ᠰᠦᠯᠵᠢᠶᠡᠨ ᠳᠡᠭᠡᠷ᠎ᠡ ᠪᠤᠶᠤ ᠰᠦᠯᠵᠢᠶᠡᠨ ᠭᠠᠳᠠᠨ᠎ᠠ ᠨᠢᠭᠡ ᠯᠡ ᠤᠳᠠᠭ᠎ᠠ ᠮᠦᠩᠭᠦ ᠲᠦᠯᠦᠵᠦ᠂ ︽ᠡᠮᠦᠨ᠎ᠡ ᠨᠢ ᠨᠢᠭᠡ ᠯᠡ ᠤᠳᠠᠭ᠎ᠠ ᠮᠦᠩᠭᠦ ᠬᠤᠷᠢᠶᠠᠵᠤ᠂ ᠠᠷᠤ ᠳᠤ ᠨᠢ ᠢᠯᠭᠠᠬᠤ︾ ᠶᠢ ᠪᠡᠶᠡᠯᠡᠭᠦᠯᠬᠦ ᠶᠢ ᠵᠢᠭᠠᠵᠤ ᠪᠣᠶ᠃ ᠲᠣᠰ ᠵᠠᠭᠪᠤᠷ ᠨᠢ ᠮᠡᠳᠡᠭᠡ ᠵᠠᠩᠭᠢ ᠶᠢᠨ ᠴᠤᠭᠯᠠᠷᠠᠯ᠂ ᠴᠤᠪᠤᠷᠠᠯ ᠤᠨ ᠬᠤᠷᠠᠮᠳᠤᠯ ᠪᠠ ᠲᠣᠭᠠᠴᠢᠯᠠᠭᠰᠠᠨ ᠮᠡᠷᠭᠡᠵᠢᠯ ᠢᠶᠠᠷ ᠳᠠᠮᠵᠢᠨ᠂ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠨᠡᠪᠲᠡᠷᠡᠭᠦᠯᠵᠦ᠂ ᠲᠤᠭ᠎ᠠ ᠪᠠᠷᠢᠮᠲᠠ ᠶᠢ ︽ᠭᠦᠶᠦᠯᠭᠡᠬᠦ︾ ᠪᠠᠷ ᠣᠯᠠᠨ ᠲᠦᠮᠡᠨ ᠤ ᠴᠣᠩᠬᠤᠪᠴᠢ ᠪᠠᠷ ᠬᠦᠢᠴᠡᠳᠬᠡᠬᠦ ᠶᠢ ᠣᠷᠤᠯᠠᠭᠤᠯᠤᠨ᠎ᠠ᠃ ᠭᠤᠶᠤᠴᠢᠯᠠᠭᠴᠢ ᠨᠢ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠭᠦᠢᠴᠡᠳᠭᠡᠬᠦ ᠳᠡᠭᠡᠨ᠂ ᠵᠥᠪᠬᠡᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠨᠢᠭᠡ ᠴᠣᠩᠬᠤᠪᠴᠢ ᠪᠠᠷ ᠭᠤᠶᠤᠴᠢᠯᠠᠯ ᠢᠶᠠᠨ ᠲᠤᠰᠢᠶᠠᠵᠤ᠂ ᠳᠠᠷᠤᠶ ᠭᠡᠷ᠎ᠡ ᠶᠢᠨ ᠭᠠᠶᠢᠯᠢ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠵᠡᠷᠭᠡ ᠭᠠᠶᠢᠯᠢ ᠶᠢᠨ ᠰᠦᠢᠳᠭᠡᠯ ᠵᠢᠴᠢ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠵᠠᠷᠤᠳᠠᠯ᠂ ᠬᠥᠯᠥᠰᠥ ᠥᠷᠲᠡᠭ ᠤᠨ ᠵᠠᠷᠤᠳᠠᠯ ᠢ ᠨᠢᠭᠡ ᠯᠡ ᠤᠳᠠᠭ᠎ᠠ ᠳᠤ ᠲᠤᠰᠢᠶᠠᠵᠤ ᠪᠣᠯᠤᠨ᠎ᠠ᠂ ᠭᠠᠶᠢᠯᠢ ᠶᠢᠨ ᠶᠠᠪᠤᠳᠠᠯ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠰᠠᠯᠠᠭ᠎ᠠ ᠮᠥᠴᠢᠷ ᠲᠤ ᠳᠠᠬᠢᠨ ᠬᠦᠷᠴᠦ ᠬᠠᠮᠢᠶ᠎ᠠ ᠪᠥᠬᠦᠶ ᠵᠠᠷᠤᠳᠠᠯ ᠢ ᠲᠤᠰᠢᠶᠠᠬᠤ ᠴᠢᠬᠤᠯᠠ ᠥᠬᠡᠶ᠃

   

 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号