ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/12/19
       ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠤ 12 ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ︽ᠰᠤᠷᠭᠠᠨ ᠬᠥᠮᠦᠵᠢᠯ ᠰᠤᠷᠭᠠᠭᠤᠯᠢ ᠳᠤ ᠣᠷᠣᠬᠤ ᠨᠢᠭᠡ ᠶᠠᠪᠤᠳᠠᠯ︾ ᠤᠨ ᠰᠢᠰᠲ᠋ᠧᠮ ᠢ ᠴᠥᠮ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠳᠤ ᠵᠠᠯᠭᠠᠨ ᠣᠷᠣᠭᠤᠯᠵᠤ᠂ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠬᠡᠷᠡᠭᠵᠢᠭᠦᠯᠵᠦ᠂ ᠣᠳᠣᠬᠠᠨ ᠳᠤ ᠨᠢᠭᠡᠨᠲᠡ 20.3 ᠲᠦᠮᠡᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠢᠢᠳᠪᠦᠷᠢᠯᠡᠵᠦ ᠳᠠᠭᠤᠰᠬᠠᠭᠰᠠᠨ ᠪᠠᠶᠢᠨ᠎ᠠ᠃ ᠥᠩᠭᠡᠷᠡᠭᠰᠡᠨ ᠳᠤ ᠬᠡᠦᠬᠡᠳ ᠤᠨ ᠴᠡᠴᠡᠷᠯᠢᠭ ᠲᠤ ᠣᠷᠣᠬᠤ ᠪᠠ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠣᠷᠣᠬᠴᠢ ᠨᠡᠷ᠎ᠡ ᠮᠡᠳᠡᠭᠦᠯᠬᠦ ᠪᠤᠯᠬᠤ ᠪᠦᠷᠢ ᠭᠡᠷ ᠤᠨ ᠠᠬᠠᠮᠠᠳ ᠴᠥᠮ ᠥᠯᠥ ᠬᠥᠳᠡᠯᠬᠦ ᠬᠥᠷᠥᠩᠭᠡ᠂ ᠳᠣᠲᠣᠭᠠᠳᠤ ᠶᠢ ᠬᠠᠮᠠᠭᠠᠯᠠᠬᠤ᠂ ᠨᠡᠶᠢᠭᠡᠮ ᠤᠨ ᠳᠠᠭᠠᠳᠬᠠᠯ᠂ ᠡᠷᠡᠭᠦᠯ ᠬᠠᠮᠠᠭᠠᠯᠠᠯ ᠵᠡᠷᠭᠡ ᠣᠯᠠᠨ ᠰᠠᠯᠠᠭ᠎ᠠ ᠮᠥᠴᠢᠷ ᠢᠶᠠᠷ ᠶᠠᠪᠤᠵᠤ᠂ ᠣᠯᠠᠨ ᠵᠦᠢᠯ ᠤᠨ ᠭᠡᠷᠡᠴᠢᠯᠡᠬᠦ ᠮᠠᠲ᠋ᠧᠷᠢᠶᠠᠯ ᠠᠪᠴᠤ᠂ ᠰᠤᠷᠭᠠᠭᠤᠯᠢ ᠳᠤ ᠬᠦᠷᠴᠦ ᠮᠥᠷᠯᠡᠨ ᠮᠠᠲ᠋ᠧᠷᠢᠶᠠᠯ ᠬᠢᠨᠠᠨ ᠬᠠᠷᠭᠤᠭᠤᠯᠳᠠᠭ ᠪᠠᠶᠢᠪᠠ᠃ ᠣᠶᠢᠷ᠎ᠠ ᠶᠢᠨ ᠵᠢᠯ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠵᠣᠬᠢᠴᠠᠭᠤᠯᠤᠨ ᠰᠤᠷᠭᠠᠭᠤᠯᠢ ᠳᠤ ᠣᠷᠣᠬᠤ ᠮᠠᠲ᠋ᠧᠷᠢᠶᠠᠯ ᠢ ᠲᠠᠰᠤᠷᠠᠯᠲᠠ ᠦᠭᠡᠢ ᠳᠥᠭᠦᠮᠴᠢᠯᠡᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠂ ᠰᠤᠷᠭᠠᠭᠤᠯᠢ ᠳᠤ ᠣᠷᠣᠬᠤ ᠶᠠᠪᠤᠴᠠ ᠶᠢ ᠰᠢᠯᠢᠳᠡᠭᠵᠢᠭᠦᠯᠵᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠨᠠᠩ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠪᠤᠯᠭᠠᠬᠤ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠲᠤᠰᠬᠠᠢ ᠬᠥᠮᠥᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠤᠨ ᠶᠢᠰᠦᠨ ᠬᠡᠯᠲᠡᠰ ᠲᠠᠢ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ ︽ᠰᠤᠷᠭᠠᠨ ᠬᠥᠮᠦᠵᠢᠯ ᠰᠤᠷᠭᠠᠭᠤᠯᠢ ᠳᠤ ᠣᠷᠣᠬᠤ ᠨᠢᠭᠡ ᠶᠠᠪᠤᠳᠠᠯ︾ ᠤᠨ ᠡᠭᠦᠷᠭᠡ ᠶᠢ ᠬᠠᠮᠲᠤ ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ 8 ᠰᠠᠯᠠᠭ᠎ᠠ ᠮᠥᠴᠢᠷ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠴᠡᠴᠡᠷᠯᠢᠭ ᠰᠤᠷᠭᠠᠭᠤᠯᠢ ᠳᠤ ᠣᠷᠣᠬᠤ ᠨᠢᠭᠡ ᠶᠠᠪᠤᠳᠠᠯ ᠤᠨ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠰᠢᠨ᠎ᠡ ᠰᠣᠷᠣᠬᠴᠢ ᠶᠢᠨ ᠰᠤᠷᠭᠠᠭᠤᠯᠢ ᠳᠤ ᠣᠷᠣᠬᠤ ᠮᠡᠳᠡᠭᠡ ᠵᠠᠩᠭᠢ ᠶᠢ ᠴᠤᠭᠯᠠᠭᠤᠯᠬᠤ᠂ ᠡᠷᠦᠭᠡ ᠠᠮᠠ ᠶᠢᠨ ᠬᠠᠷᠢᠶ᠎ᠠ ᠶᠢᠨ ᠲᠥᠷᠥᠯ ᠤᠨ ᠭᠡᠷᠡᠴᠢ᠂ ᠣᠷᠣᠰᠢᠨ ᠰᠠᠭᠤᠬᠤ ᠦᠨᠡᠮᠯᠡᠯ ᠵᠡᠷᠭᠡ ᠵᠦᠢᠯᠡᠰ ᠲᠤ ᠬᠤᠯᠪᠣᠭᠳᠠᠭᠰᠠᠨ ᠲᠤᠭ᠎ᠠ ᠪᠠᠷᠢᠮᠲᠠ ᠶᠢ ᠬᠠᠮᠲᠤ ᠪᠠᠷ ᠰᠢᠯᠵᠢᠭᠦᠯᠦᠨ ᠬᠡᠷᠡᠭᠯᠡᠬᠦ ᠶᠢ ᠪᠡᠶᠡᠯᠡᠭᠦᠯᠵᠦ᠂ ᠰᠤᠷᠭᠠᠭᠤᠯᠢ ᠳᠤ ᠣᠷᠣᠬᠤ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠭᠡᠭᠡᠯᠲᠡ ᠲᠠᠢ ᠬᠠᠮᠲᠤ ᠪᠠᠷ ᠡᠳ᠋ᠯᠡᠬᠦ ᠶᠢ ᠦᠨᠡᠨᠬᠦ ᠪᠠᠲᠤᠯᠠᠪᠠ᠃ ᠡᠭᠦᠨ ᠠᠴᠠ ᠭᠠᠳᠠᠨ᠎ᠠ᠂ ᠮᠡᠷᠭᠡᠵᠢᠯ ᠤᠨ ᠲᠥᠰᠥᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠲᠠᠢ ᠬᠠᠮᠲᠤ ᠪᠠᠷ ᠮᠡᠷᠭᠡᠵᠢᠯ ᠤᠨ ᠲᠥᠰᠥᠯ ᠲᠣᠭᠲᠠᠭᠠᠬᠤ ᠶᠢᠨ ᠬᠠᠮᠲᠤ ᠲᠤᠭ᠎ᠠ ᠪᠠᠷᠢᠮᠲᠠ ᠶᠢᠨ ᠬᠤᠯᠪᠣᠭᠠᠰᠤ ᠶᠢ ᠨᠡᠭᠡᠭᠡᠨ ᠬᠥᠭᠵᠢᠭᠦᠯᠵᠦ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ 2023 ᠣᠨ ᠳᠤ ᠠᠰᠢᠭᠯᠠᠯᠲᠠ ᠳᠤ ᠣᠷᠣᠭᠤᠯᠤᠭᠰᠠᠨ ︽ᠨᠢᠭᠡ ᠳᠠᠷᠤᠪᠴᠢ ᠪᠠᠷ ᠬᠡᠦᠬᠡᠳ ᠤᠨ ᠴᠡᠴᠡᠷᠯᠢᠭ ᠰᠤᠷᠭᠠᠭᠤᠯᠢ ᠳᠤ ᠣᠷᠣᠬᠤ︾ ᠰᠢᠰᠲ᠋ᠧᠮ ᠤᠨ ᠰᠠᠭᠤᠷᠢᠨ ᠳᠡᠭᠡᠷ᠎ᠡ᠂ ᠰᠢᠰᠲ᠋ᠧᠮ ᠤᠨ ᠵᠠᠯᠭᠠᠭᠠᠰᠤ ᠶᠢ ᠨᠡᠭᠡᠭᠡᠨ ᠬᠥᠭᠵᠢᠭᠦᠯᠬᠦ ᠪᠠ ᠵᠣᠯᠭᠠᠭᠤᠯᠬᠤ ᠠᠵᠢᠯ ᠢ ᠤᠯᠠᠮ ᠨᠢᠭᠡ ᠠᠯᠬᠤᠮ ᠥᠷᠨᠢᠭᠦᠯᠵᠦ᠂ ︽ᠰᠤᠷᠭᠠᠨ ᠬᠥᠮᠦᠵᠢᠯ ᠰᠤᠷᠭᠠᠭᠤᠯᠢ ᠳᠤ ᠣᠷᠣᠬᠤ ᠨᠢᠭᠡ ᠶᠠᠪᠤᠳᠠᠯ︾ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃

   

 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号