︵ᠰᠤᠷᠪᠤᠯᠵᠢᠯᠠᠭᠴᠢ ᠳ᠋ᠢᠩ ᠴᠧᠨ︶ 11 ᠳ᠋ᠦ᠋ᠭᠡᠷ ᠰᠠᠷ᠎ᠠ ᠶᠢᠨ 22 ᠤ ᠡᠳᠦᠷ ᠰᠤᠷᠪᠤᠯᠵᠢᠯᠠᠭᠴᠢ ᠬᠤᠲᠠ ᠶᠢᠨ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ | ᠲᠠᠷᠬᠠᠭᠠᠭᠰᠠᠨ ︽ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ | ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠶᠣᠰᠣᠭᠠᠷ᠂ ᠬᠥᠬᠡᠬᠤᠲᠠ ᠲᠣᠬᠢᠷᠠᠭᠤᠯᠤᠯᠲᠠ ᠬᠢᠭᠰᠡᠨ ᠤ ᠳᠠᠷᠠᠭᠠᠬᠢ | ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ 2024 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ | ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠲᠣᠰ ᠲᠣᠰ 1980 | ᠲᠥᠭᠦᠷᠢᠭ᠂ 1910 ᠲᠥᠭᠦᠷᠢᠭ᠂ 1850 ᠲᠥᠭᠦᠷᠢᠭ ᠠᠴᠠ 2270 ᠲᠥᠭᠦᠷᠢᠭ᠂ 2200 ᠲᠥᠭᠦᠷᠢᠭ᠂ | 2140 ᠲᠥᠭᠦᠷᠢᠭ ᠪᠣᠯᠣᠨ ᠳᠡᠭᠡᠭᠰᠢᠯᠡᠵᠦ᠂ ᠲᠣᠰ ᠲᠣᠰ 290 ᠲᠥᠭᠦᠷᠢᠭ ᠨᠡᠮᠡᠭᠳᠡᠪᠡ᠃ ᠪᠦᠬᠦᠯᠢ ᠡᠳᠦᠷ ᠤᠨ | ᠪᠤᠰᠤ ᠠᠵᠢᠯ ᠤᠨ ᠴᠠᠭ ᠪᠦᠷᠢ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠤ | ᠳᠠᠷᠠᠭ᠎ᠠ᠂ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠲᠣᠰ ᠲᠣᠰ | 20.8 ᠲᠥᠭᠦᠷᠢᠭ᠂ 20.1 ᠲᠥᠭᠦᠷᠢᠭ᠂ 19.5 ᠲᠥᠭᠦᠷᠢᠭ ᠠᠴᠠ 22.4 ᠲᠥᠭᠦᠷᠢᠭ᠂ 21.7 ᠲᠥᠭᠦᠷᠢᠭ᠂ 21. | 1 ᠲᠥᠭᠦᠷᠢᠭ ᠪᠣᠯᠵᠤ᠂ ᠲᠣᠰ ᠲᠣᠰ 1.6 ᠲᠥᠭᠦᠷᠢᠭ ᠨᠡᠮᠡᠭᠳᠡᠪᠡ᠃ ᠬᠥᠬᠡᠬᠤᠲᠠ ᠶᠢᠨ ᠨᠢᠭᠡᠳᠦᠭᠡᠷ ᠲᠥᠷᠥᠯ ᠤᠨ | ᠭᠠᠵᠠᠷ ᠣᠷᠣᠨ ᠳᠤ ᠬᠤᠷᠢᠨᠭᠡᠷ ᠰᠢᠶᠠᠨ᠂ ᠰᠢᠨ᠎ᠡ ᠬᠤᠲᠠ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠢᠦᠢ | ᠴᠢᠦᠸᠠᠨ ᠲᠣᠭᠤᠷᠢᠭ᠂ ᠰᠠᠶᠢᠬᠠᠨ ᠲᠣᠭᠤᠷᠢᠭ ᠵᠡᠷᠭᠡ 5 ᠰᠢᠶᠠᠨ ᠲᠣᠭᠤᠷᠢᠭ ᠢ ᠪᠠᠭᠲᠠᠭᠠᠵᠤ᠂ ᠬᠤᠶᠠᠳᠤᠭᠠᠷ | ᠲᠥᠷᠥᠯ ᠤᠨ ᠭᠠᠵᠠᠷ ᠣᠷᠣᠨ ᠳᠤ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠴᠢᠩ ᠱᠦᠢ ᠾᠧ ᠰᠢᠶᠠᠨ᠂ | ᠦᠴᠦᠸᠠᠨ ᠰᠢᠶᠠᠨ ᠵᠡᠷᠭᠡ 4 ᠬᠤᠰᠢᠭᠤ ᠰᠢᠶᠠᠨ ᠢ ᠪᠠᠭᠲᠠᠭᠠᠨ᠎ᠠ᠂ ᠭᠤᠷᠪᠠᠳᠤᠭᠠᠷ ᠲᠥᠷᠥᠯ ᠤᠨ ᠭᠠᠵᠠᠷ ᠣᠷᠣᠨ | ᠪᠠᠶᠢᠬᠤ ᠦᠭᠡᠢ᠃ ᠰᠠᠷ᠎ᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ ᠪᠦᠬᠦᠯᠢ ᠡᠳᠦᠷ ᠤᠨ ᠳᠦᠷᠢᠮᠲᠦ | ᠠᠵᠢᠯ ᠤᠨ ᠬᠥᠳᠡᠯᠮᠦᠷᠢᠯᠡᠭᠴᠢᠳ ᠲᠤ ᠬᠡᠷᠡᠭᠯᠡᠵᠦ᠂ ᠬᠥᠳᠡᠯᠮᠦᠷᠢᠯᠡᠭᠴᠢᠳ ᠬᠠᠤᠯᠢ ᠪᠠᠷ ᠲᠣᠭᠲᠠᠭᠠᠭᠰᠠᠨ ᠠᠵᠢᠯᠯᠠᠬᠤ | ᠴᠠᠭ ᠪᠤᠶᠤ ᠬᠥᠳᠡᠯᠮᠦᠷᠢ ᠶᠢᠨ ᠭᠡᠷ᠎ᠡ ᠳᠤ ᠲᠣᠭᠲᠠᠭᠰᠠᠨ ᠠᠵᠢᠯᠯᠠᠬᠤ ᠴᠠᠭ ᠤᠨ ᠳᠣᠲᠣᠷ᠎ᠠ ᠬᠥᠳᠡᠯᠮᠦᠷᠢ | ᠬᠠᠩᠭᠠᠭᠰᠠᠨ ᠪᠣᠯ᠂ ᠬᠥᠮᠥᠨ ᠬᠡᠷᠡᠭᠯᠡᠬᠦ ᠨᠢᠭᠡᠴᠢ ᠶᠢᠨ ᠣᠯᠭᠤᠬᠤ ᠰᠠᠷ᠎ᠠ ᠶᠢᠨ ᠴᠠᠯᠢᠩ ᠢ ᠬᠠᠮᠤᠭ ᠳᠣᠣᠷ᠎ᠠ ᠴᠠᠯᠢᠩ ᠤᠨ | ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠴᠠᠭ ᠪᠦᠷᠢ ᠶᠢᠨ ᠬᠠᠮᠤᠭ ᠳᠣᠣᠷ᠎ᠠ ᠴᠠᠯᠢᠩ ᠤᠨ | ᠪᠠᠷᠢᠮᠵᠢᠶ᠎ᠠ ᠨᠢ ᠪᠦᠬᠦᠯᠢ ᠡᠳᠦᠷ ᠤᠨ ᠪᠤᠰᠤ ᠠᠵᠢᠯ ᠤᠨ ᠬᠥᠳᠡᠯᠮᠦᠷᠢᠯᠡᠭᠴᠢᠳ ᠲᠤ ᠲᠣᠬᠢᠷᠠᠨ᠎ᠠ᠂ ᠲᠤᠬᠠᠶᠢᠯᠠᠪᠠᠯ | ᠬᠥᠳᠡᠯᠮᠦᠷᠢᠯᠡᠭᠴᠢᠳ ᠠᠳᠠᠯᠢ ᠨᠢᠭᠡᠨ ᠬᠥᠮᠥᠨ ᠬᠡᠷᠡᠭᠯᠡᠬᠦ ᠨᠢᠭᠡᠴᠢ ᠳᠤ ᠳᠤᠮᠳᠠᠴᠢ ᠠᠵᠢᠯᠯᠠᠬᠤ ᠴᠠᠭ ᠨᠢ 4 ᠴᠠᠭ ᠠᠴᠠ | ᠬᠡᠲᠦᠷᠡᠬᠦ ᠦᠭᠡᠢ᠂ ᠭᠠᠷᠠᠭ ᠪᠦᠷᠢ ᠶᠢᠨ ᠠᠵᠢᠯᠯᠠᠬᠤ ᠴᠠᠭ ᠨᠡᠶᠢᠲᠡ 24 ᠴᠠᠭ ᠠᠴᠠ ᠬᠡᠲᠦᠷᠡᠬᠦ ᠦᠭᠡᠢ ᠪᠠᠶᠢᠳᠠᠯ | ᠳᠣᠣᠷ᠎ᠠ᠂ ᠬᠥᠮᠥᠨ ᠬᠡᠷᠡᠭᠯᠡᠬᠦ ᠨᠢᠭᠡᠴᠢ ᠶᠢᠨ ᠣᠯᠭᠤᠬᠤ ᠴᠠᠯᠢᠩ ᠨᠢ ᠴᠠᠭ ᠪᠦᠷᠢ ᠶᠢᠨ ᠬᠠᠮᠤᠭ ᠳᠣᠣᠷ᠎ᠠ | ᠴᠠᠯᠢᠩ ᠤᠨ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠬᠠᠮᠤᠭ ᠤᠨ ᠳᠣᠣᠷ᠎ᠠ ᠴᠠᠯᠢᠩ ᠤᠨ | ᠪᠠᠷᠢᠮᠵᠢᠶ᠎ᠠ ᠳᠤ ᠦᠨᠳᠦᠰᠦᠨ ᠨᠠᠰᠤᠵᠢᠯ ᠤᠨ ᠳᠠᠭᠠᠳᠬᠠᠯ᠂ ᠡᠮᠨᠡᠯᠭᠡ ᠶᠢᠨ ᠳᠠᠭᠠᠳᠬᠠᠯ᠂ ᠠᠵᠢᠯ ᠠᠯᠳᠠᠯᠲᠠ ᠶᠢᠨ | ᠳᠠᠭᠠᠳᠬᠠᠯ ᠪᠣᠯᠣᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ | ᠲᠤᠰᠢᠶᠠᠬᠤ ᠬᠡᠰᠡᠭ ᠵᠡᠷᠭᠡ ᠪᠠᠭᠲᠠᠨ᠎ᠠ᠃ ᠠᠵᠢᠯᠯᠠᠬᠤ ᠴᠠᠭ ᠢ ᠤᠷᠲᠤᠳᠬᠠᠬᠤ ᠴᠠᠯᠢᠩ᠂ ᠦᠳᠡ ᠶᠢᠨ ᠡᠭᠡᠯᠵᠢ᠂ | ᠰᠥᠨᠢ ᠶᠢᠨ ᠡᠭᠡᠯᠵᠢ᠂ ᠥᠨᠳᠥᠷ ᠳᠤᠯᠠᠭᠠᠨ᠂ ᠲᠡᠰᠬᠢᠮ᠎ᠡ ᠬᠦᠢᠲᠡᠨ᠂ ᠬᠤᠳᠳᠤᠭ ᠳᠣᠲᠣᠷ᠎ᠠ᠂ ᠬᠤᠣᠷ ᠪᠤᠶᠤ | ᠬᠥᠨᠥᠭᠡᠯ ᠲᠠᠢ ᠵᠡᠷᠭᠡ ᠣᠨᠴᠠᠭᠠᠢ ᠨᠥᠬᠦᠴᠡᠯ ᠤᠨ ᠨᠥᠬᠦᠪᠦᠷᠢ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ | ᠤᠯᠤᠰ ᠠᠴᠠ ᠲᠣᠭᠲᠠᠭᠠᠭᠰᠠᠨ ᠬᠥᠳᠡᠯᠮᠦᠷᠢᠯᠡᠭᠴᠢᠳ ᠤᠨ ᠠᠰᠠᠷᠠᠮᠵᠢ ᠣᠯᠭᠤᠮᠵᠢ ᠵᠡᠷᠭᠡ ᠶᠢ ᠪᠠᠭᠲᠠᠭᠠᠬᠤ ᠦᠭᠡᠢ᠃ | ᠬᠥᠮᠥᠨ ᠬᠡᠷᠡᠭᠯᠡᠬᠦ ᠨᠢᠭᠡᠴᠢ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠣᠯᠭᠤᠬᠤ ᠲᠣᠭᠲᠠᠭᠠᠯ ᠠᠴᠠ ᠵᠥᠷᠢᠴᠡᠭᠰᠡᠨ | ᠪᠠᠶᠢᠪᠠᠯ ᠬᠥᠳᠡᠯᠮᠦᠷᠢᠯᠡᠭᠴᠢᠳ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠲᠤ ᠢᠯᠡᠴᠢᠯᠡᠨ ᠵᠠᠭᠠᠯᠳᠤᠬᠤ ᠪᠤᠶᠤ ᠬᠠᠤᠯᠢ ᠶᠣᠰᠣᠭᠠᠷ ᠬᠥᠨᠳᠡᠯᠡᠨ ᠠᠴᠠ ᠲᠠᠰᠤᠯᠤᠭᠤᠯᠬᠤ ᠪᠠᠷ | ᠭᠤᠶᠤᠴᠢᠯᠠᠨ᠂ ᠵᠠᠷᠭᠤ ᠬᠢᠵᠦ ᠪᠣᠯᠣᠨ᠎ᠠ᠃ | | |