ᠰᠢᠯᠢ  ᠶᠢᠨ ᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠬᠦᠴᠦᠨ ᠨᠡᠮᠡᠷᠢᠯᠡᠵᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠵᠤ ᠪᠠᠶᠢᠨ᠎ᠠ
ᠨᠡᠶᠢᠲᠡᠯᠡᠭᠰᠡᠨ ᠴᠠᠭ᠄
2024/12/19
       ᠰᠢᠯᠢ ᠶᠢᠨ ᠬᠤᠲᠠ ︿︿ᠠᠷᠠᠳ ᠲᠦᠮᠡᠨ ᠢᠶᠠᠷ ᠭᠤᠣᠯ ᠪᠣᠯᠭᠠᠵᠤ᠂ ᠠᠷᠠᠳ ᠲᠦᠮᠡᠨ ᠢ ᠨᠠᠩ ᠬᠠᠨᠤᠮᠵᠢᠲᠠᠶ ᠪᠣᠯᠭᠠᠬᠤ﹀﹀ ᠦᠢᠯᠡᠴᠢᠯᠡᠭᠡᠨ ᠤ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠳᠤᠲᠠᠭᠤᠳᠠᠯ ᠪᠠ ᠪᠠᠭᠤᠷᠠᠢ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠢᠮᠠᠭᠲᠠ ᠬᠤᠪᠢ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ︿︿ᠠᠵᠤ ᠠᠬᠤᠶᠢᠯᠠᠯ ᠰᠠᠨᠠᠭ᠎ᠠ ᠠᠮᠤᠷ᠂ ᠠᠷᠠᠳ ᠲᠦᠮᠡᠨ ᠰᠠᠨᠠᠭ᠎ᠠ ᠠᠮᠤᠷ᠂ ᠦᠢᠯᠡᠰ ᠴᠣᠭᠴᠠᠯᠠᠬᠤ ᠳᠤ ᠤᠷᠤᠭᠰᠢᠲᠠᠢ ᠪᠠᠶᠢᠬᠤ﹀﹀ ᠳᠣᠲᠣᠨᠣ ᠴᠢᠬᠡᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠰᠢᠨ᠎ᠡ ᠥᠨᠳᠦᠷᠯᠢᠭ ᠢ ᠬᠦᠴᠦᠯᠡᠨ ᠪᠠᠶᠢᠭᠤᠯᠤᠨ᠎ᠠ᠃ ᠨᠢᠭᠡ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠢᠭᠡ ᠳᠤ ︿︿ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ﹀﹀ ᠠᠵᠢᠯ ᠢᠯᠡᠳᠲᠡ ᠦᠷ᠎ᠡ ᠪᠦᠲᠦᠮᠵᠢ ᠣᠯᠪᠠ᠃ ︿︿ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠢ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ﹀﹀ ᠵᠠᠷᠴᠢᠮ ᠶᠣᠰᠣᠭᠠᠷ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠨᠡᠶᠢᠲᠡ 1927 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠳᠠᠭᠠᠭᠠᠨ ᠠᠪᠴᠤ᠂ 95% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ︿︿ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ﹀﹀ ᠶᠢ ᠪᠡᠶᠡᠯᠡᠭᠦᠯᠵᠦ᠂ 6.2 ᠲᠦᠮᠡ ᠭᠠᠷᠤᠢ ᠬᠡᠷᠡᠭ ᠶᠠᠪᠤᠳᠠᠯ ᠢ ᠰᠢᠢᠳᠪᠦᠷᠢᠯᠡᠪᠡ᠃ ᠬᠤᠶᠠᠷ ᠲᠤ ︿︿ᠦᠨᠡᠮᠯᠡᠯ ᠠᠪᠬᠤ ᠦᠭᠡᠢ ᠪᠠᠷ ᠭᠦᠢᠴᠡᠳᠬᠡᠬᠦ﹀﹀ ᠠᠵᠢᠯ ᠰᠢᠨ᠎ᠡ ᠬᠤᠷᠳᠤᠴᠠ ᠲᠠᠢ ᠪᠣᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︿︿ᠦᠨᠡᠮᠯᠡᠯ ᠠᠪᠬᠤ ᠦᠭᠡᠢ ᠪᠠᠷ ᠭᠦᠢᠴᠡᠳᠬᠡᠬᠦ﹀﹀ ᠨᠠᠷᠢᠨ ᠬᠠᠭᠤᠳᠠᠰᠤ ᠶᠢ ᠪᠥᠬᠦ ᠲᠠᠯ᠎ᠠ ᠪᠠᠷ ᠡᠮᠬᠢᠯᠡᠨ ᠰᠢᠯᠢᠳᠡᠭᠵᠢᠭᠦᠯᠵᠦ᠂ ᠨᠢᠭᠡᠨᠲᠡ 79 ᠲᠥᠷᠥᠯ ᠤᠨ 58 ᠲᠦᠮᠡᠨ ᠴᠣᠬᠤᠯᠠᠪᠤᠷᠢ ᠪᠢᠴᠢᠭ᠂ ᠦᠨᠡᠮᠯᠡᠯ ᠵᠡᠷᠭᠡ ᠡᠯᠧᠺᠲᠷᠣᠨ ᠦᠨᠡᠮᠯᠡᠯ ᠢ ᠴᠤᠭᠯᠠᠭᠤᠯᠤᠨ᠂ ᠣᠳᠣᠬᠠᠨ ᠳᠤ 1061 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ︿︿ᠦᠨᠡᠮᠯᠡᠯ ᠠᠪᠬᠤ ᠦᠭᠡᠢ ᠪᠠᠷ ᠭᠦᠢᠴᠡᠳᠬᠡᠬᠦ﹀﹀ ᠶᠢ ᠪᠡᠶᠡᠯᠡᠭᠦᠯᠵᠦ᠂ ᠨᠡᠶᠢᠲᠡ 209 ᠬᠤᠪᠢ ᠮᠠᠲ᠋ᠧᠷᠢᠶᠠᠯ ᠢ ᠬᠠᠰᠤᠵᠤ ᠬᠡᠯᠲᠦᠷᠢᠭᠦᠯᠪᠡ᠃ ᠭᠤᠷᠪᠠ ᠳᠤ ︿︿ᠰᠠᠶᠢᠨ ᠮᠠᠭᠤ ᠶᠢᠨ ᠦᠨᠡᠯᠡᠯᠲᠡ﹀﹀ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︿︿ᠬᠠᠨᠤᠮᠵᠢᠲᠠᠢ ᠦᠨᠡᠯᠡᠯᠲᠡ﹀﹀ ᠪᠣᠯᠬᠤ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠬᠠᠢ ᠮᠡᠷᠭᠡᠵᠢᠯ ᠤᠨ 10 ᠬᠤᠪᠢᠶᠠᠷᠢ ᠲᠢᠩᠬᠢᠮ᠂ 12 ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ 49 ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ᠂ 14 ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠴᠥᠮ ︿︿ᠰᠠᠶᠢᠨ ᠮᠠᠭᠤ ᠶᠢᠨ ᠦᠨᠡᠯᠡᠯᠲᠡ﹀﹀ ᠶᠢᠨ ᠦᠨᠡᠯᠡᠯᠲᠡ ᠶᠢᠨ ᠰᠢᠰᠲ᠋ᠧᠮ ᠢ ᠤᠭᠰᠠᠷᠠᠪᠠ᠃ ᠣᠳᠣᠬᠠᠨ ᠪᠣᠯᠲᠠᠯ᠎ᠠ᠂ ᠭᠦᠢᠴᠡᠳᠬᠡᠭᠰᠡᠨ ᠬᠡᠮᠵᠢᠶ᠎ᠡ ᠨᠢ 68265 ᠤᠳᠠᠭ᠎ᠠ ᠳᠤ ᠬᠦᠷᠴᠦ᠂ ᠬᠠᠨᠤᠮᠵᠢᠲᠠᠶ ᠪᠠᠶᠢᠬᠤ ᠨᠣᠷᠮ᠎ᠠ ᠨᠢ 100% ᠪᠣᠯᠣᠨ᠎ᠠ᠃ ᠬᠤᠶᠠᠷ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ ᠶᠢ ᠦᠷᠭᠦᠯᠵᠢᠯᠡᠨ ᠰᠠᠶᠢᠵᠢᠷᠠᠭᠤᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︿︿ᠵᠥᠭᠡᠯᠡᠨ ᠪᠣᠳᠠᠲᠤ ᠬᠦᠴᠦᠨ﹀﹀ ᠢ ᠳᠡᠭᠡᠭᠰᠢᠯᠡᠭᠦᠯᠪᠡ᠃ ᠨᠢᠭᠡ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︿︿ᠵᠠᠢ ᠦᠭᠡᠢ﹀﹀ ᠪᠠᠶᠢᠯᠭᠠᠨ᠎ᠠ᠃ ᠬᠠᠷᠢᠶ᠎ᠠ ᠣᠷᠣᠨ ᠵᠢᠴᠢ ᠡᠷᠭᠢᠨ ᠲᠣᠭᠤᠷᠢᠨ ᠤ ᠥᠷᠭᠡᠨ ᠣᠯᠠᠨ ᠲᠦᠮᠡᠨ ᠳᠤ ᠳᠥᠭᠦᠮ ᠦᠵᠡᠭᠦᠯᠬᠦ ᠶᠢᠨ ᠲᠤᠰᠠᠳᠠ᠂ 12 ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠪᠠ 84 ᠭᠠᠴᠠᠭ᠎ᠠ ᠨᠡᠶᠢᠭᠡᠮ ᠲᠣᠭᠤᠷᠢᠭ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠪᠠᠶᠢᠭᠤᠯᠵᠤ᠂ 96 ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠴᠣᠩᠬᠤ ᠪᠠᠶᠢᠭᠤᠯᠵᠤ᠂ 226 ᠬᠥᠮᠥᠨ ᠤ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠡᠩᠨᠡᠭᠡ ᠶᠢ ᠵᠣᠬᠢᠶᠠᠨ ᠪᠠᠶᠢᠭᠤᠯᠵᠤ᠂ ᠠᠰᠠᠭᠤᠨ ᠯᠠᠪᠯᠠᠬᠤ᠂ ᠵᠢᠭᠠᠨ ᠵᠢᠯᠤᠭᠤᠳᠬᠤ᠂ ᠵᠣᠬᠢᠴᠠᠭᠤᠯᠬᠤ ᠵᠡᠷᠭᠡ ᠦᠢᠯᠡᠴᠢᠯᠡᠭᠡ ᠬᠠᠩᠭᠠᠪᠠ᠃ ᠬᠤᠶᠠᠷ ᠲᠤ ︿︿ᠣᠶᠢᠷ᠎ᠠ ᠬᠠᠪᠢ ᠳᠤᠨᠢ ᠭᠦᠢᠴᠡᠳᠬᠡᠬᠦ﹀﹀ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠣᠯᠠᠨ ᠲᠦᠮᠡᠨ ᠤ ᠡᠭᠦᠳᠡᠨ ᠳᠤ ᠬᠦᠷᠭᠡᠨ᠎ᠡ᠃ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠪᠡᠶᠡᠴᠢ ᠣᠶᠢᠯᠠᠭᠠᠯᠲᠠ ᠶᠢ ᠳᠡᠭᠡᠭᠰᠢᠯᠡᠭᠦᠯᠬᠦ ᠶᠢᠨ ᠲᠥᠯᠥᠭᠡ᠂ ᠢᠯᠠᠩᠭᠤᠶ᠎ᠠ ᠨᠠᠰᠤᠲᠠᠶᠢᠴᠤᠳ᠂ ᠵᠡᠮᠳᠡᠭᠴᠦᠳ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠡᠷᠦᠬᠡ ᠵᠡᠷᠭᠡ ᠣᠨᠴᠠᠭᠠᠶ ᠬᠥᠮᠥᠰ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠴᠢᠬᠤ ᠴᠢᠬᠤᠯᠠ ᠦᠭᠡᠢ ᠪᠠᠶᠢᠵᠤ᠂ ᠡᠮ ᠡᠮᠨᠡᠯᠭᠡ ᠶᠢᠨ ᠳᠠᠭᠠᠳᠬᠠᠯ ᠤᠨ 9 ᠵᠦᠢᠯ ᠤᠨ ᠲᠤᠬᠠᠶᠢᠯᠠᠭᠰᠠᠨ ᠠᠵᠢᠯ᠂ ᠪᠠᠩᠬᠢ ᠶᠢᠨ 18 ᠵᠦᠢᠯ᠂ ᠡᠮ ᠡᠮᠨᠡᠯᠭᠡ ᠶᠢᠨ ᠪᠠᠶᠢᠭᠤᠯᠤᠮᠵᠢ ᠶᠢᠨ 18 ᠵᠦᠢᠯ᠂ ᠵᠢᠷᠭᠤᠭᠠᠨ ᠪᠠᠷᠢᠮᠵᠢᠶᠠᠵᠢᠭᠰᠠᠨ ᠦᠢᠯᠡᠴᠢᠯᠡᠭᠡᠨ ᠤ ᠥᠷᠲᠡᠭᠡ ᠶᠢᠨ 26 ᠵᠦᠢᠯ ᠤᠨ ᠲᠤᠬᠠᠶᠢᠯᠠᠭᠰᠠᠨ ᠠᠵᠢᠯ ᠤᠨ ᠵᠦᠢᠯᠡᠰ ᠢ ᠰᠢᠷᠠᠲᠠᠯ᠎ᠠ ᠵᠡᠭᠡᠯᠢ ᠭᠤᠳᠤᠮᠵᠢ ᠶᠢᠨ ᠴᠠᠬᠠᠷ ᠨᠡᠶᠢᠭᠡᠮ ᠲᠣᠭᠤᠷᠢᠭ᠂ ᠴᠢᠭᠤᠯᠭᠠᠨ ᠵᠡᠭᠡᠯᠢ ᠭᠤᠳᠤᠮᠵᠢ ᠶᠢᠨ ᠠᠢ ᠮᠢᠨ ᠨᠡᠶᠢᠭᠡᠮ ᠲᠣᠭᠤᠷᠢᠭ᠂ ᠪᠤᠯᠠᠭᠠᠨ ᠵᠡᠭᠡᠯᠢ ᠭᠤᠳᠤᠮᠵᠢ ᠶᠢᠨ ᠡᠷᠳᠡᠨᠢ ᠨᠡᠶᠢᠭᠡᠮ ᠲᠣᠭᠤᠷᠢᠭ ᠵᠡᠷᠭᠡ 105 ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠴᠡᠭ ᠲᠤ ᠪᠠᠭᠤᠯᠭᠠᠪᠠ᠃ ᠭᠤᠷᠪᠠ ᠳᠤ ︿︿ᠴᠠᠭ ᠤᠷᠲᠤᠳᠬᠠᠨ ᠦᠢᠯᠡᠴᠢᠯᠡᠬᠦ﹀﹀ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠠᠰᠤᠯᠳᠠᠭᠤᠯᠬᠤ ᠦᠭᠡᠢ ᠪᠠᠶᠢᠬᠤ ᠶᠢ ᠪᠡᠶᠡᠯᠡᠭᠦᠯᠪᠡ᠃ ᠴᠠᠭ ᠤᠷᠲᠤᠳᠬᠠᠬᠤ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠬᠠᠢ ᠬᠤᠪᠢᠶᠠᠷᠢ ᠲᠢᠩᠬᠢᠮ ᠵᠢᠴᠢ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠤᠨ ᠲᠣᠳᠣᠷᠬᠠᠢ ᠬᠠᠭᠤᠳᠠᠰᠤ ᠶᠢ 1550 ᠶᠢ ᠨᠡᠶᠢᠲᠡᠯᠡᠵᠦ᠂ ᠵᠢᠵᠢᠭᠦᠷᠯᠡᠬᠦ᠂ ᠪᠣᠯᠵᠣᠬᠤ ᠬᠤᠶᠠᠷ ᠵᠦᠢᠯ ᠤᠨ ᠬᠡᠯᠪᠡᠷᠢ ᠪᠠᠷ ᠴᠠᠭ ᠤᠷᠲᠤᠳᠬᠠᠵᠤ ᠦᠢᠯᠡᠴᠢᠯᠡᠭᠡ ᠬᠠᠩᠭᠠᠪᠠ᠃ ᠭᠤᠷᠪᠠ ᠵᠣᠷᠢᠭᠲᠠᠢ ᠪᠠᠷ ᠰᠢᠨ᠎ᠡ ᠶᠢ ᠡᠭᠦᠳᠴᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠪᠡ᠃ ᠨᠢᠭᠡ ᠳᠤ ︿︿ᠠᠷᠠᠳ ᠲᠤ ᠳᠦᠬᠦᠮ ᠦᠵᠡᠭᠦᠯᠬᠦ﹀﹀ ᠪᠠᠷ ᠵᠣᠷᠢᠯᠲᠠ ᠪᠣᠯᠭᠠᠵᠤ᠂ ᠰᠢᠷᠠᠲᠠᠯ᠎ᠠ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠴᠠᠬᠠᠷ ᠨᠡᠶᠢᠭᠡᠮ ᠲᠣᠭᠤᠷᠢᠭ ᠤᠨ ᠠᠷᠠᠳ ᠲᠤ ᠳᠦᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠪᠦᠬᠦ ᠠᠶᠢᠮᠠᠭ ᠤᠨ ᠠᠩᠬᠠᠳᠠᠭᠴᠢ ᠮᠠᠰᠢᠨ ᠲᠡᠷᠭᠡ ᠵᠢᠯᠤᠭᠤᠳᠬᠤ ᠲᠤᠬᠠᠢ ᠲᠤᠬᠠᠶᠢᠯᠠᠭᠰᠠᠨ ᠠᠵᠢᠯ ᠲᠥᠷᠥᠯ ᠤᠨ ᠦᠢᠯᠡᠴᠢᠯᠡᠭᠡᠨ ᠤ ᠴᠣᠩᠬᠤ ᠪᠠ ︿︿ᠵᠢᠯᠣᠭᠤᠴᠢ ᠶᠢᠨ ᠪᠡᠶ᠎ᠡ ᠪᠠᠶᠢᠴᠠᠭᠠᠬᠤ ᠠᠦ᠋ᠲ᠋ᠣ᠋ ᠮᠠᠰᠢᠨ﹀﹀ ᠢ ᠪᠠᠶᠢᠭᠤᠯᠵᠤ᠂ ᠤᠯᠠᠨ ᠲᠦᠮᠡᠨ ᠣᠶᠢᠷ᠎ᠠ ᠬᠠᠪᠢ ᠳᠠᠭᠠᠨ ᠮᠠᠰᠢᠨ ᠲᠡᠷᠭᠡ ᠵᠢᠯᠤᠭᠤᠳᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠣᠨ᠎ᠠ᠃ ᠬᠤᠶᠠᠷ ᠲᠤ ︿︿ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ﹀﹀ ᠪᠠᠷ ᠦᠨᠳᠦᠰᠦ ᠪᠣᠯᠭᠠᠵᠤ᠂ ᠰᠢᠯᠢ ᠶᠢᠨ ᠬᠤᠲᠠ ᠶᠢᠨ ᠬᠥᠳᠡᠭᠡ ᠲᠣᠰᠬᠤᠨ ᠤ ᠬᠤᠷᠰᠢᠭᠰᠠᠨ ᠪᠠᠩᠬᠢ ᠲᠠᠢ ︿︿ᠵᠠᠰᠠᠭ ᠪᠠᠩᠬᠢ ᠬᠤᠷᠰᠢᠯᠴᠠᠬᠤ﹀﹀᠂ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ᠂ ᠬᠤᠲᠠ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠪᠠ ᠬᠤᠪᠢᠷᠠᠭᠤᠯᠬᠤ ᠳᠠᠩᠰᠠᠯᠠᠯᠲᠠ᠂ ᠠᠵᠢᠯ ᠠᠯᠳᠠᠭᠰᠠᠨ ᠳᠠᠩᠰᠠᠯᠠᠯᠲᠠ᠂ ᠺᠣᠮᠫᠠᠨᠢ ︵ᠳᠣᠲᠣᠭᠠᠳᠤ ᠪᠡᠯᠡ︶ ᠪᠠᠶᠢᠭᠤᠯᠤᠭᠰᠠᠨ ᠳᠠᠩᠰᠠᠯᠠᠯᠲᠠ ᠵᠡᠷᠭᠡ 43 ᠵᠦᠢᠯ ᠤᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠠᠩᠬᠢ ᠶᠢᠨ ᠲᠣᠣᠷ ᠴᠡᠭ ᠲᠤ ᠭᠦᠢᠴᠡᠳᠬᠡᠵᠦ ᠪᠣᠯᠣᠨ᠎ᠠ᠃ ᠡᠭᠦᠨ ᠤ ᠬᠠᠮᠲᠤ᠂ ᠪᠠᠩᠬᠢ ᠲᠠᠢ ᠵᠣᠬᠢᠴᠠᠯᠳᠤᠨ 2 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠭᠦᠳᠡᠯ ᠲᠡᠷᠭᠡ ᠲᠣᠬᠢᠷᠠᠭᠤᠯᠵᠤ᠂ ᠮᠠᠯᠴᠢᠳ ᠲᠤ ᠭᠡᠷ ᠲᠤᠨᠢ ᠬᠦᠷᠴᠦ ᠦᠢᠯᠡᠴᠢᠯᠡᠭᠡ ᠬᠠᠩᠭᠠᠬᠤ ᠪᠣᠯᠭᠠᠪᠠ᠃ ᠭᠤᠷᠪᠠ ᠳᠤ ︿︿ᠥᠨᠳᠥᠷ ᠪᠦᠲᠦᠮᠵᠢᠲᠡᠶ ᠪᠠᠷ ᠭᠦᠢᠴᠡᠳᠬᠡᠵᠦ ᠳᠠᠭᠤᠰᠬᠠᠬᠤ﹀﹀ ᠪᠠᠷ ᠭᠠᠷᠤᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ 13 ︿︿ᠨᠢᠭᠡ ᠤᠴᠢᠷ ᠢ ᠥᠨᠳᠥᠷ ᠪᠦᠲᠦᠮᠵᠢᠲᠡᠶ ᠪᠠᠷ ᠭᠦᠢᠴᠡᠳᠬᠡᠵᠦ ᠳᠠᠭᠤᠰᠬᠠᠬᠤ﹀﹀ ᠦᠢᠯᠡᠴᠢᠯᠡᠭᠡᠨ ᠤ ᠢᠵᠢ ᠦᠢᠯᠡᠴᠢᠯᠡᠭᠡ ᠶᠢ ᠢᠳᠡᠪᠬᠢᠲᠡᠢ ᠵᠠᠯᠭᠠᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠢᠭᠡᠨᠲᠡ ᠪᠡᠶᠡᠯᠡᠭᠦᠯᠦᠭᠰᠡᠨ 107 ᠵᠦᠢᠯᠡᠰ ᠤᠨ ᠳᠣᠲᠣᠷᠠᠬᠢ ᠮᠠᠨ ᠤ ᠬᠤᠲᠠ ᠳᠤ ᠬᠤᠯᠪᠣᠭᠳᠠᠭᠰᠠᠨ 102 ᠵᠦᠢᠯᠡᠰ ᠢ ᠲᠠᠨᠢᠵᠤ ᠨᠠᠶᠢᠷᠠᠭᠤᠯᠤᠨ ᠵᠣᠬᠢᠶᠠᠵᠤ ᠨᠡᠶᠢᠲᠡᠯᠡᠬᠦ ᠠᠵᠢᠯ ᠢ ᠬᠢᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠠᠷᠠᠭᠠᠰᠤ ᠠᠴᠠ ᠡᠭᠦᠰᠴᠦ᠂ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠴᠤᠪᠤᠷᠠᠯ ᠤᠨ ᠲᠦᠭᠵᠢᠷᠡᠯ ᠪᠠ ᠬᠦᠴᠢᠷᠳᠡᠯ ᠢ ᠭᠦᠨᠵᠡᠭᠡᠢ ᠵᠠᠳᠠᠯᠤᠨ ᠰᠢᠨᠵᠢᠯᠡᠵᠦ᠂ ᠵᠦᠢᠯ ᠳᠠᠷᠠᠭᠠᠯᠠᠨ ᠰᠤᠳᠤᠯᠵᠤ᠂ ᠲᠥᠪᠯᠡᠷᠡᠭᠦᠯᠦᠨ ᠰᠢᠪᠲᠤᠯᠤᠯᠲᠠ ᠬᠢᠵᠦ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠣᠯᠠᠨ ᠲᠦᠮᠡᠨ ᠤ ᠠᠮᠢᠳᠤᠷᠠᠯ ᠳᠤ ᠲᠥᠬᠦᠮ ᠦᠵᠡᠭᠦᠯᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号