2024 ᠣᠨ ᠤ 11 ᠳ᠋ᠦ᠋ᠭᠡᠷ ᠰᠠᠷ᠎ᠠ ᠶᠢᠨ 27 ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠵᠡᠷᠭᠡ 7 ᠰᠠᠯᠠᠭ᠎ᠠ ᠮᠥᠴᠢᠷ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ | ᠠᠬᠢᠭᠤᠯᠵᠤ ᠡᠪᠡᠳᠴᠢᠲᠡᠨ ᠤ ᠡᠮᠴᠢᠯᠡᠭᠦᠯᠬᠦ ᠪᠡᠶᠡᠴᠢ ᠥᠩᠭᠡᠷᠡᠯᠲᠡ ᠶᠢ ᠨᠢ ᠰᠠᠶᠢᠵᠢᠷᠠᠭᠤᠯᠬᠤ ᠪᠠᠷ ᠪᠣᠢ | 2025 ᠣᠨ ᠤ ᠰᠡᠭᠦᠯᠴᠢ ᠪᠤᠯᠳᠡᠯ᠎ᠠ᠂ ᠨᠢᠭᠲᠠ ᠭᠡᠯᠪᠡᠷᠢ ᠶᠢᠨ ᠡᠮᠴᠢᠯᠡᠭᠡᠨ ᠤ ᠡᠯ᠎ᠡ ᠬᠤᠯᠪᠣᠭᠠᠲᠤ ᠴᠣᠭᠴᠠ ᠨᠤᠭᠤᠳ | ᠳᠣᠲᠣᠭᠠᠳᠤ ᠳᠤ ᠪᠠᠨ ᠳᠥᠷᠦᠯ ᠵᠦᠢᠯ ᠢᠶᠠᠨ ᠬᠠᠷᠢᠯᠴᠠᠨ ᠮᠡᠳᠡᠷᠡᠬᠦ ᠶᠢ ᠪᠡᠶᠡᠯᠡᠭᠦᠯᠵᠦ᠂ 2030 ᠣᠨ ᠪᠣᠯᠬᠤ ᠳᠤ᠂ | ᠪᠠᠶᠢᠩᠭᠤ ᠲᠣᠬᠢᠶᠠᠯᠳᠤᠳᠠᠭ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠣᠷᠣᠨ ᠪᠦᠰᠡ ᠠᠯᠤᠰᠯᠠᠨ᠂ ᠡᠮᠴᠢᠯᠡᠭᠡᠨ ᠤ | ᠪᠠᠶᠢᠭᠤᠯᠤᠮᠵᠢ ᠠᠯᠤᠰᠯᠠᠨ ᠬᠠᠮᠲᠤ ᠪᠠᠷ ᠡᠳ᠋ᠯᠡᠨ ᠬᠠᠷᠢᠯᠴᠠᠨ ᠮᠡᠳᠡᠷᠡᠬᠦ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠵᠡᠷᠭᠡ 7 ᠰᠠᠯᠠᠭ᠎ᠠ ᠮᠥᠴᠢᠷ 11 ᠳ᠋ᠦ᠋ᠭᠡᠷ ᠰᠠᠷ᠎ᠠ ᠶᠢᠨ | 27 ᠤ ᠡᠳᠦᠷ ︽ᠡᠮᠴᠢᠯᠡᠭᠡᠨ ᠤ ᠪᠠᠶᠢᠭᠤᠯᠤᠮᠵᠢ ᠶᠢᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠠᠷᠢᠯᠴᠠᠨ | ᠮᠡᠳᠡᠷᠡᠬᠦ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠵᠢᠯᠤᠭᠤᠳᠬᠤ ᠰᠠᠨᠠᠯ ᠤᠳ︾ ᠢ ᠳᠠᠷᠤᠮᠠᠯᠯᠠᠨ ᠶᠠᠪᠤᠭᠤᠯᠪᠠ᠂ | ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠪᠠᠷ ᠬᠤᠷᠢᠭ᠎ᠠ ᠱᠤᠭᠤᠮ ᠪᠣᠯᠭᠠᠨ᠂ ᠭᠥᠯᠢᠶᠡᠨ ᠠᠪᠴᠤ ᠡᠮᠨᠡᠬᠦ | ᠡᠮᠴᠢ ᠶᠢᠨ ᠮᠠᠭᠠᠳᠯᠠᠯᠲᠠ ᠪᠠᠷ ᠪᠠᠷᠢᠮᠵᠢᠶ᠎ᠠ ᠪᠣᠯᠭᠠᠵᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ | ᠠᠵᠢᠯ ᠢ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠪᠡᠳᠴᠢᠲᠡᠨ ᠤ | ᠡᠮᠴᠢᠯᠡᠭᠦᠯᠬᠦ ᠪᠡᠶᠡᠴᠢ ᠥᠩᠭᠡᠷᠡᠯᠲᠡ ᠶᠢ ᠨᠢ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠵᠢᠯᠤᠭᠤᠳᠬᠤ | ᠰᠠᠨᠠᠯ ᠢ ᠦᠨᠳᠦᠰᠦᠯᠡᠪᠡᠯ᠂ 2025 ᠣᠨ ᠤ ᠡᠴᠦᠰ ᠪᠣᠯᠬᠤ ᠳᠤ᠂ ᠨᠢᠭᠲᠠ ᠬᠡᠯᠪᠡᠷᠢ ᠶᠢᠨ ᠡᠮᠴᠢᠯᠡᠭᠡᠨ ᠤ ᠡᠯ᠎ᠡ | ᠬᠤᠯᠪᠣᠭᠠᠲᠤ ᠴᠣᠭᠴᠠ ︵ᠬᠤᠲᠠ ᠶᠢᠨ ᠡᠮᠴᠢᠯᠡᠭᠡᠨ ᠤ ᠪᠦᠯᠦᠭᠯᠡᠯ ᠪᠠ ᠰᠢᠶᠠᠨ ᠤ ᠬᠡᠪᠴᠢᠶᠡᠨ ᠤ ᠡᠮᠴᠢᠯᠡᠭᠡᠨ ᠤ | ᠬᠠᠮᠲᠤ ᠶᠢᠨ ᠴᠣᠭᠴᠠ ᠪᠠᠭᠲᠠᠨ᠎ᠠ︶ ᠨᠤᠭᠤᠳ ᠡᠮᠴᠢᠯᠡᠭᠡᠨ ᠤ ᠬᠤᠯᠪᠣᠭᠠᠲᠤ ᠴᠣᠭᠴᠠ ᠳᠣᠲᠣᠷᠠᠬᠢ ᠡᠮᠴᠢᠯᠡᠭᠡᠨ ᠤ | ᠪᠠᠶᠢᠭᠤᠯᠤᠮᠵᠢ ᠨᠤᠭᠤᠳ ᠬᠤᠭᠤᠷᠣᠨᠳᠤ ᠪᠠᠨ ᠪᠥᠬᠦ ᠲᠥᠷᠥᠯ ᠵᠦᠢᠯ ᠢ ᠬᠠᠷᠢᠯᠴᠠᠨ ᠮᠡᠳᠡᠷᠡᠵᠦ᠂ ᠡᠯ᠎ᠡ ᠭᠠᠵᠠᠷ ᠤᠨ | ᠬᠤᠲᠠ ᠶᠢᠨ ᠬᠡᠪᠴᠢᠶᠡᠨ ᠳᠠᠬᠢ ᠡᠮᠴᠢᠯᠡᠭᠡᠨ ᠤ ᠪᠠᠶᠢᠭᠤᠯᠤᠮᠵᠢ ᠨᠤᠭᠤᠳ ᠬᠤᠭᠤᠷᠣᠨᠳᠤ ᠪᠠᠨ ᠬᠠᠷᠢᠯᠴᠠᠨ ᠮᠡᠳᠡᠷᠡᠬᠦ | ᠲᠥᠷᠥᠯ ᠵᠦᠢᠯ ᠢ 200 ᠠᠴᠠ ᠳᠠᠪᠠᠭᠤᠯᠤᠨ᠎ᠠ᠃ 2027 ᠣᠨ ᠤ ᠡᠴᠦᠰ ᠪᠣᠯᠬᠤ ᠳᠤ᠂ ᠡᠯ᠎ᠡ ᠮᠤᠵᠢ ᠶᠢᠨ | ᠬᠡᠪᠴᠢᠶᠡᠨ ᠳᠠᠬᠢ ᠡᠮᠴᠢᠯᠡᠭᠡᠨ ᠤ ᠪᠠᠶᠢᠭᠤᠯᠤᠮᠵᠢ ᠨᠤᠭᠤᠳ ᠬᠤᠭᠤᠷᠣᠨᠳᠤ ᠪᠠᠨ ᠬᠠᠷᠢᠯᠴᠠᠨ ᠮᠡᠳᠡᠷᠡᠬᠦ ᠲᠥᠷᠥᠯ | ᠵᠦᠢᠯ ᠢ 300 ᠠᠴᠠ ᠳᠠᠪᠠᠭᠤᠯᠤᠨ᠎ᠠ︔ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠰᠧᠴᠤᠸᠠᠨ ᠴᠦᠩᠴᠢᠩ ᠵᠡᠷᠭᠡ ᠣᠷᠣᠨ ᠪᠦᠰᠡ ᠳᠠᠬᠢ ᠡᠮᠴᠢᠯᠡᠭᠡᠨ ᠤ ᠪᠠᠶᠢᠭᠤᠯᠤᠮᠵᠢ ᠨᠤᠭᠤᠳ ᠤᠨ ᠬᠠᠷᠢᠯᠴᠠᠨ | ᠮᠡᠳᠡᠷᠡᠬᠦ ᠲᠥᠷᠥᠯ ᠵᠦᠢᠯ ᠢ 200 ᠠᠴᠠ ᠳᠠᠪᠠᠭᠤᠯᠤᠨ᠎ᠠ᠃ 2030 ᠣᠨ ᠪᠤᠯᠳᠡᠯ᠎ᠠ᠂ ᠪᠦᠬᠦ ᠤᠯᠤᠰ ᠤᠨ ᠬᠠᠷᠢᠯᠴᠠᠨ | ᠮᠡᠳᠡᠷᠡᠬᠦ ᠠᠵᠢᠯ ᠤᠨ ᠲᠣᠭᠲᠠᠴᠠ ᠶᠢ ᠤᠯᠠᠮ ᠨᠢᠭᠡ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠶᠢᠴᠠᠭᠠᠨ ᠰᠢᠯᠭᠠᠬᠤ ᠶᠢᠨ | ᠢᠵᠢᠯᠰᠢᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠷ᠎ᠡ ᠳ᠋ᠦᠩ ᠢ ᠬᠠᠷᠢᠯᠴᠠᠨ | ᠨᠡᠪᠲᠡᠷᠡᠯᠴᠡᠭᠦᠯᠵᠦ ᠬᠠᠮᠲᠤ ᠪᠠᠷ ᠡᠳ᠋ᠯᠡᠬᠦ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠵᠤ᠂ ᠪᠠᠶᠢᠩᠭᠤ | ᠲᠣᠬᠢᠶᠠᠯᠳᠤᠳᠠᠭ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠣᠷᠣᠨ ᠪᠦᠰᠡ ᠠᠯᠤᠰᠯᠠᠨ᠂ ᠡᠮᠴᠢᠯᠡᠭᠡᠨ ᠤ | ᠪᠠᠶᠢᠭᠤᠯᠤᠮᠵᠢ ᠠᠯᠤᠰᠯᠠᠨ ᠬᠠᠮᠲᠤ ᠪᠠᠷ ᠡᠳ᠋ᠯᠡᠨ ᠬᠠᠷᠢᠯᠴᠠᠨ ᠮᠡᠳᠡᠷᠡᠬᠦ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ | | | | | | | | | | | | | | | | | |