— ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ ᠯᠢᠦ ᠵᠠᠨ ᠶᠢᠩ ᠢ ᠰᠤᠷᠪᠤᠯᠵᠢᠯᠠᠭᠰᠠᠨ ᠨᠢ ︽ᠬᠤᠳᠠ ᠶᠢᠨ ᠨᠠᠮ ᠤᠨ ᠬᠤᠷᠢᠶ᠎ᠠ ᠶᠢᠨ ᠠᠷᠪᠠᠨ | ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ | ᠠᠵᠢᠯ ᠤᠨ ᠬᠤᠷᠠᠯ ᠠᠴᠠ ᠳᠤᠷᠠᠳᠤᠭᠰᠠᠨ ᠠᠯᠤᠰ ᠤᠨ ᠲᠥᠯᠦᠪᠵᠢᠭᠦᠯᠭᠡ᠂ ᠡᠭᠦᠷᠭᠡ ᠬᠠᠷᠠᠯᠲᠠ ᠪᠣᠯᠣᠨ ᠠᠵᠢᠯ ᠤᠨ | ᠠᠷᠭ᠎ᠠ ᠬᠡᠮᠵᠢᠶ᠎ᠡ ᠨᠢ ᠠᠯᠤᠰ ᠬᠡᠳᠦ ᠶᠢ ᠲᠥᠯᠥᠪᠵᠢᠭᠦᠯᠦᠨ᠂ ᠪᠣᠳᠠᠲᠠᠢ ᠶᠢ ᠡᠷᠬᠢᠮᠯᠡᠵᠦ ᠦᠷ᠎ᠡ ᠠᠰᠢᠭ ᠥᠨᠳᠥᠷ᠂ | ᠢᠯᠠᠩᠭᠤᠶ᠎ᠠ ᠢᠷᠡᠬᠦ ᠵᠢᠯ ᠤᠨ ᠮᠠᠨ ᠤ ᠬᠤᠲᠠ ᠶᠢᠨ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ | ᠲᠤᠭ᠎ᠠ ᠶᠢᠨ ᠡᠭᠦᠷᠭᠡ ᠨᠢ ᠦᠨᠡᠨ ᠠᠴᠠ ᠵᠥᠪ ᠢ ᠡᠷᠢᠵᠦ᠂ ᠵᠢᠱᠢᠯᠲᠡ ᠲᠠᠢ ᠨᠡᠶᠢᠴᠡᠬᠦ ᠮᠥᠷᠲᠡᠭᠡᠨ ᠢᠳᠡᠪᠬᠢᠲᠡᠢ | ᠥᠭᠡᠳᠡᠯᠡᠨ ᠳᠠᠪᠰᠢᠬᠤ ᠶᠢ ᠢᠯᠡᠷᠡᠭᠦᠯᠵᠦ᠂ ᠣᠳᠣᠬᠠᠨ ᠤ ᠶᠡᠭᠡ ᠲᠠᠯ᠎ᠠ ᠶᠡᠭᠡ ᠬᠠᠨᠳᠤᠰᠢ ᠲᠠᠢ ᠨᠡᠶᠢᠴᠡᠵᠦ᠂ | ᠣᠳᠣᠬᠠᠨ ᠤ ᠬᠥᠭᠵᠢᠯᠲᠡ ᠶᠢᠨ ᠦᠨᠡᠨ ᠪᠠᠶᠢᠳᠠᠯ ᠲᠠᠢ ᠭᠦᠨᠵᠡᠭᠡᠢ ᠨᠡᠶᠢᠴᠡᠵᠦ᠂ ᠦᠵᠡᠯ ᠰᠠᠨᠠᠭ᠎ᠠ ᠪᠠᠨ ᠨᠢᠭᠡᠳᠬᠡᠬᠦ᠂ | ᠬᠠᠷᠠᠯᠲᠠ ᠪᠠᠨ ᠲᠣᠳᠣᠷᠬᠠᠶᠢᠯᠠᠬᠤ᠂ ᠤᠷᠮ᠎ᠠ ᠵᠣᠷᠢᠭ ᠢ ᠬᠥᠪᠴᠢᠯᠡᠬᠦ ᠵᠣᠷᠢᠯᠭ᠎ᠠ ᠳᠠᠭᠠᠨ ᠬᠦᠷᠴᠡᠢ᠃ | ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢᠦ ᠵᠠᠨ ᠶᠢᠩ᠄ ︽ᠲᠠᠷᠠᠭᠠᠴᠢ ᠶᠢᠨ | ᠠᠯᠬᠤᠮ ᠳᠤ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠢᠨ ᠭᠤᠷᠪᠠᠨ ᠵᠦᠢᠯ ᠤᠨ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠵᠦ᠂ ᠬᠤᠷᠠᠯ ᠠᠴᠠ ᠲᠣᠳᠣᠷᠬᠠᠢ ᠲᠣᠭᠲᠠᠭᠠᠭᠰᠠᠨ ᠡᠯ᠎ᠡ ᠵᠦᠢᠯ ᠤᠨ ᠡᠭᠦᠷᠭᠡ | ᠬᠠᠷᠠᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ ᠲᠦᠯᠬᠢᠨ ᠠᠬᠢᠭᠤᠯᠤᠨ᠎ᠠ︾ ᠭᠡᠵᠡᠢ᠃ ᠨᠢᠭᠡ ᠳᠤ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠤᠯᠤᠰ ᠤᠨ ᠳᠡᠰ ᠤᠨ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠢᠳᠡᠪᠬᠢᠲᠡᠢ ᠭᠤᠶᠤᠴᠢᠯᠠᠨ᠂ ᠠᠵᠤ ᠠᠬᠤᠶᠢᠯᠠᠯ ᠤᠨ ᠴᠢᠬᠤᠯᠠ ᠶᠡᠭᠡ | ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠤᠨ ︽ᠵᠠᠷᠯᠠᠯ ᠲᠤᠩᠬᠠᠭᠯᠠᠨ ᠬᠤᠰᠢᠭᠤᠴᠢᠯᠠᠬᠤ︾ ᠠᠵᠢᠯᠯᠠᠭ᠎ᠠ | ᠥᠷᠨᠢᠭᠦᠯᠬᠦ ᠶᠢ ᠳᠡᠮᠵᠢᠵᠦ᠂ 2024 ᠣᠨ ᠳᠤ᠂ ᠦᠬᠡᠷ ᠤᠨ ᠬᠦᠷᠳᠦᠯᠢᠭ ᠸᠢᠷᠦ᠋ᠰ ᠤᠨ ᠢᠳᠡᠪᠬᠢ ᠦᠭᠡᠶᠢᠳᠡᠭᠦᠯᠬᠦ | ᠸᠠᠺᠼᠢᠨ ᠵᠡᠷᠭᠡ 3 ᠡᠮᠴᠢᠯᠡᠭᠡᠨ ᠤ ᠲᠤᠷᠰᠢᠯᠲᠠ ᠶᠢᠨ ᠴᠣᠬᠤᠯᠠᠪᠤᠷᠢ ᠪᠣᠯᠣᠨ ᠭᠠᠭ᠋ᠠᠢ ᠶᠢᠨ ᠬᠢᠵᠢᠭ ᠤᠨ E2 | ᠤᠭᠤᠷᠠᠭ ᠤᠨ ᠳᠡᠳ᠋ ᠨᠢᠭᠡᠴᠢ ᠶᠢᠨ ᠸᠠᠺᠼᠢᠨ ᠵᠡᠷᠭᠡ 4 ᠰᠢᠨ᠎ᠡ ᠮᠠᠯ ᠤᠨ ᠡᠮ ᠤᠨ ᠦᠨᠡᠮᠯᠡᠯ ᠢ ᠣᠯᠬᠤ ᠪᠠᠷ | ᠴᠢᠷᠮᠠᠶᠢᠨ᠎ᠠ᠃ N ᠬᠡᠯᠪᠡᠷᠢ ᠶᠢᠨ ᠥᠨᠳᠥᠷ ᠦᠷ᠎ᠡ ᠠᠰᠢᠭ ᠲᠠᠢ ᠬᠡᠷᠡᠯ ᠴᠡᠨᠡᠭ ᠤᠨ ᠳ᠋ᠢᠶᠠᠨ ᡂᠢ ᠶᠢᠨ ᠶᠡᠭᠡ | ᠢᠯᠴᠢ ᠶᠢᠨ ᠲᠠᠯᠠᠪᠤᠷ ᠤᠨ ᠲᠠᠯᠠᠰᠲᠤ ᠶᠢ ᠲᠠᠲᠠᠵᠤ ᠦᠢᠯᠡᠳᠬᠦ ᠵᠢᠴᠢ ᠶᠡᠭᠡ ᠬᠡᠮ ᠲᠠᠢ ᠨᠢᠮᠭᠡᠨ ᠴᠠᠬᠢᠭᠤᠷ ᠢᠯᠲᠠᠰᠤ ᠶᠢ | ᠬᠡᠷᠴᠢᠬᠦ ᠵᠡᠷᠭᠡ 8 ᠵᠦᠢᠯ ᠤᠨ ᠮᠡᠷᠭᠡᠵᠢᠯ ᠤᠨ ᠪᠣᠭᠤᠮᠲᠠ ᠶᠢ ᠰᠢᠪᠲᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ 60 ᠳᠤᠮᠳᠠ ᠵᠢᠵᠢᠭ ᠠᠵᠤ ᠠᠬᠤᠶᠢᠯᠠᠯ᠂ 14 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ | 10 ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠰᠢᠨ᠎ᠡ ᠪᠠᠷ ᠪᠤᠶᠢᠵᠢᠭᠤᠯᠤᠨ | ᠨᠡᠮᠡᠭᠳᠡᠭᠦᠯᠵᠦ᠂ ᠤᠯᠤᠰ ᠤᠨ ᠳᠡᠰ ᠤᠨ ᠠᠮᠢᠲᠠᠨ ᠤ ᠸᠠᠺᠼᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ | ᠲᠦᠷᠭᠡᠳᠬᠡᠨ ᠪᠠᠶᠢᠭᠤᠯᠵᠤ᠂ ᠤᠯᠠᠨ ᠤᠯᠤᠰ ᠤᠨ ᠠᠮᠢᠳᠤ ᠪᠣᠳᠠᠰ ᠤᠨ ᠮᠡᠷᠭᠡᠵᠢᠯ ᠤᠨ ᠠᠵᠤ ᠦᠢᠯᠡᠰ ᠤᠨ ᠶᠡᠭᠡ | ᠬᠤᠷᠠᠯ ᠢ ᠰᠠᠶᠢᠲᠤᠷ ᠡᠷᠬᠢᠯᠡᠵᠦ᠂ ᠪᠦᠬᠦ ᠤᠯᠤᠰ ᠤᠨ ᠲᠡᠷᠢᠭᠦᠨ ᠤ ᠠᠮᠢᠲᠠᠨ ᠤ ᠸᠠᠺᠼᠢᠨ ᠤ ᠰᠢᠨ᠎ᠡ ᠶᠢ ᠡᠭᠦᠳᠴᠦ | ᠰᠤᠳᠤᠯᠤᠨ ᠦᠢᠯᠡᠳᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ ᠬᠤᠶᠠᠷ ᠲᠤ᠂ 2024 ᠣᠨ ᠤ ᠡᠯ᠎ᠡ | ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠡᠮᠦᠨ᠎ᠡ | ᠪᠠᠶᠢᠷᠢᠨ ᠳᠤ ᠪᠠᠶᠢᠯᠭᠠᠬᠤ ᠪᠠᠷ ᠴᠢᠷᠮᠠᠶᠢᠨ᠎ᠠ᠃ ᠡᠨᠡ ᠡᠪᠦᠯ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ | ᠭᠠᠷ ᠭᠦᠢᠴᠡᠳᠬᠡᠯ ᠭᠦᠢᠴᠡᠳᠬᠡᠬᠦ ᠶᠢ ᠴᠢᠩᠭ᠎ᠠ ᠠᠩᠬᠠᠷᠴᠤ᠂ ︽3060 ᠰᠢᠨ᠎ᠡ ᠮᠠᠲ᠋ᠧᠷᠢᠶᠠᠯ︾ ᠵᠡᠷᠭᠡ 26 | ᠲᠥᠷᠥᠯ ᠵᠦᠢᠯ ᠤᠨ ᠭᠡᠷ᠎ᠡ ᠲᠣᠭᠲᠠᠨ ᠨᠠᠶᠢᠳᠠᠪᠤᠷᠢᠵᠢᠬᠤ ᠶᠢ ᠲᠦᠷᠭᠡᠳᠬᠡᠨ ᠠᠬᠢᠭᠤᠯᠤᠨ᠎ᠠ᠃ ᠲᠥᠷᠥᠯ ᠵᠦᠢᠯ ᠤᠨ | ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠰᠠᠶᠢᠲᠤᠷ ᠠᠳᠬᠤᠵᠤ᠂ 101 ᠰᠢᠨ᠎ᠡ ᠪᠠᠷ ᠪᠠᠶᠢᠭᠤᠯᠬᠤ᠂ | ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ 2024 ᠣᠨ ᠤ 6 ᠳ᠋ᠤᠭᠠᠷ ᠰᠠᠷ᠎ᠠ ᠠᠴᠠ ᠡᠮᠦᠨ᠎ᠡ ᠪᠦᠬᠦᠨ ᠢ | ᠠᠵᠢᠯ ᠢᠶᠠᠨ ᠡᠬᠢᠯᠡᠭᠦᠯᠦᠨ ᠰᠡᠷᠭᠦᠭᠡᠬᠦ ᠶᠢ ᠦᠨᠡᠨᠬᠦ ᠪᠠᠲᠤᠯᠠᠨ᠎ᠠ᠃ 2024 ᠣᠨ ᠤ ᠵᠢᠯ ᠤᠨ ᠡᠴᠦᠰ ᠪᠣᠯᠬᠤ ᠳᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ 700 | ᠳ᠋ᠦᠩᠰᠢᠭᠤᠷ ᠲᠥᠭᠦᠷᠢᠭ ᠬᠦᠷᠭᠡᠵᠦ᠂ ᠲᠣᠭᠲᠠᠮᠠᠯ ᠪᠡᠯᠡ ᠣᠷᠣᠭᠤᠯᠤᠯᠲᠠ ᠶᠢ 180 ᠳ᠋ᠦᠩᠰᠢᠭᠤᠷ ᠲᠥᠭᠦᠷᠢᠭ | ᠬᠦᠷᠭᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠭᠰᠠᠨ | ᠲᠤᠭ᠎ᠠ ᠶᠢ 66 ᠳ᠋ᠦᠩᠰᠢᠭᠤᠷ ᠲᠥᠭᠦᠷᠢᠭ ᠬᠦᠷᠭᠡᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ | 24 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠴᠢᠷᠮᠠᠶᠢᠨ᠎ᠠ᠃ ︽ᠨᠢᠭᠡ ᠳᠤ ᠠᠩᠬᠠᠷᠴᠤ ᠬᠤᠶᠠᠷ ᠲᠤ ᠠᠳᠬᠤᠵᠤ | ᠭᠤᠷᠪᠠ ᠳᠤ ᠳᠡᠭᠡᠭᠰᠢᠯᠡᠭᠦᠯᠬᠦ︾ ᠪᠠᠷ ᠳᠠᠮᠵᠢᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ | ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠢ ᠶᠢᠨ ᠰᠡᠷᠭᠦᠨ ᠰᠠᠶᠢᠵᠢᠷᠠᠬᠤ | ᠬᠠᠨᠳᠤᠰᠢ ᠶᠢ ᠲᠠᠰᠤᠷᠠᠯᠲᠠ ᠦᠭᠡᠢ ᠪᠠᠬᠢᠵᠢᠭᠦᠯᠦᠨ ᠴᠢᠩᠭᠠᠷᠠᠭᠤᠯᠤᠨ᠎ᠠ᠃ ᠭᠤᠷᠪᠠ ᠳᠤ᠂ ᠬᠦᠷᠢᠶᠡᠯᠡᠩ ᠲᠣᠭᠤᠷᠢᠭ ᠤᠨ | ᠡᠯᠧᠮᠧᠨ᠋ᠲ ᠤᠨ ᠪᠠᠲᠤᠯᠠᠭ᠎ᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ ᠬᠡᠷᠡᠭᠵᠢᠭᠦᠯᠬᠦ ᠪᠠ ᠮᠠᠨ ᠤ ᠬᠤᠲᠠ ᠶᠢᠨ | ᠤᠯᠤᠰ ᠤᠨ ᠳᠡᠰ ᠤᠨ ᠴᠢᠯᠦᠭᠡᠲᠦ ᠠᠷᠠᠯᠵᠢᠶᠠᠨ ᠤ ᠣᠷᠣᠨ ᠢ ᠭᠤᠶᠤᠴᠢᠯᠠᠨ ᠮᠡᠳᠡᠭᠦᠯᠬᠦ᠂ ︽ᠬᠤᠲᠠ ᠶᠢᠨ ᠳᠡᠳ᠋ | ᠲᠥᠪ︾ ᠢ ᠪᠠᠶᠢᠭᠤᠯᠬᠤ ᠵᠡᠷᠭᠡ ᠴᠢᠬᠤᠯᠠ ᠶᠡᠭᠡ ᠠᠵᠠ ᠲᠣᠬᠢᠶᠠᠯ ᠢ ᠵᠠᠪᠳᠤᠨ ᠠᠳᠬᠤᠵᠤ᠂ 2024 ᠣᠨ ᠢ ︽ | ᠣᠷᠴᠢᠨ ᠲᠣᠭᠤᠷᠢᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠣᠨ︾ ᠢᠶᠠᠷ ᠲᠣᠭᠲᠠᠭᠠᠵᠤ᠂ ᠬᠦᠷᠢᠶᠡᠯᠡᠩ | ᠲᠣᠭᠤᠷᠢᠭ ᠤᠨ ᠡᠵᠡᠮᠳᠡᠯ ᠤᠨ ᠲᠥᠯᠥᠪᠵᠢᠭᠦᠯᠭᠡ ᠪᠠ ᠡᠯ᠎ᠡ ᠲᠥᠷᠥᠯ ᠤᠨ ᠲᠤᠰᠬᠠᠢ ᠲᠥᠯᠦᠪᠵᠢᠭᠦᠯᠭᠡ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠦᠨ᠂ 47 ︽ᠰᠠᠭᠤᠷᠢ ᠲᠠᠯᠪᠢᠬᠤ᠂ ᠠᠯᠤᠰ ᠬᠡᠲᠦ ᠶᠢᠨ ᠠᠰᠢᠭ ᠢ ᠪᠣᠳᠣᠬᠤ᠂ | ᠰᠡᠯᠭᠦᠬᠦ ᠬᠦᠴᠦᠨ ᠢ ᠨᠡᠮᠡᠭᠳᠡᠭᠦᠯᠬᠦ︾ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠯᠠᠪᠳᠠᠭᠤᠨ ᠢᠶᠠᠷ ᠠᠬᠢᠭᠤᠯᠵᠤ᠂ 209 ᠤᠯᠤᠰ ᠤᠨ ᠵᠠᠮ ᠤᠨ ᠪᠠᠷᠠᠭᠤᠨ ᠲᠠᠯ᠎ᠠ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ᠂ ᠬᠦᠷᠢᠶᠡᠯᠡᠩ ᠲᠣᠭᠤᠷᠢᠭ ᠢ ᠨᠣᠭᠤᠭᠠᠷᠠᠭᠤᠯᠵᠤ ᠭᠡᠷᠡᠯᠲᠦᠭᠦᠯᠵᠦ ᠭᠤᠶᠣᠯᠠᠵᠤ | ᠲᠡᠰ ᠳᠡᠪᠰᠢᠭᠦᠯᠦᠨ ᠥᠭᠡᠷᠡᠴᠢᠯᠡᠬᠦ ᠪᠠ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠠᠵᠤ ᠠᠬᠤᠢ ᠶᠢᠨ | ᠨᠡᠭᠡᠭᠡᠯᠲᠡ ᠶᠢᠨ ᠲᠣᠭᠤᠷᠢᠭ ᠤᠨ ᠬᠤᠪᠢᠶᠠᠷᠢ ᠡᠮᠨᠡᠯᠭᠡ ᠶᠢᠨ ᠬᠤᠷᠢᠶ᠎ᠠ ᠵᠡᠷᠭᠡ ᠪᠠᠷᠢᠯᠭ᠎ᠠ ᠶᠢ ᠭᠤᠣᠯᠳᠠᠯᠭ᠎ᠠ ᠲᠠᠢ | ᠬᠡᠷᠡᠭᠵᠢᠭᠦᠯᠦᠨ᠎ᠡ᠃ ᠭᠠᠵᠠᠷ ᠰᠢᠷᠣᠢ ᠶᠢᠨ ᠡᠬᠢ ᠪᠠᠶᠠᠯᠢᠭ ᠢ ᠲᠦᠢᠯᠪᠤᠷᠢᠲᠠᠢ ᠪᠠᠶᠢᠴᠠᠭᠠᠵᠤ᠂ ᠤᠯᠠᠨ ᠵᠦᠢᠯ ᠤᠨ | ᠠᠷᠭ᠎ᠠ ᠬᠡᠮᠵᠢᠶ᠎ᠡ ᠬᠡᠷᠡᠭᠯᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠬᠦᠷᠦᠯᠴᠡᠬᠦ ᠦᠭᠡᠢ ᠪᠠᠶᠢᠬᠤ ᠠᠰᠠᠭᠤᠳᠠᠯ ᠢ | ᠦᠷᠭᠦᠯᠵᠢᠯᠡᠨ ᠭᠦᠨᠵᠡᠭᠡᠢ ᠰᠢᠢᠳᠪᠦᠷᠢᠯᠡᠨ᠎ᠡ᠃ ᠳᠡᠭᠡᠳᠦ ᠱᠠᠲᠤᠨ ᠤ ᠲᠤᠰᠬᠠᠢ ᠵᠦᠢᠯ ᠤᠨ ᠪᠡᠯᠡ ᠮᠥᠩᠭᠦ ᠪᠠ | ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠯᠡᠨ ᠣᠯᠵᠤ᠂ ᠵᠠᠰᠠᠭ ᠪᠠᠩᠬᠢ ᠠᠵᠤ ᠠᠬᠤᠶᠢᠯᠠᠯ ᠤᠨ | ᠬᠠᠮᠲᠤᠷᠠᠯᠴᠠᠭᠠᠨ ᠤ ᠲᠠᠪᠴᠠᠩ ᠪᠠ ᠠᠵᠤ ᠠᠬᠤᠢ ᠶᠢᠨ ᠲᠠᠷᠬᠠᠭᠠᠭᠰᠠᠨ ᠰᠠᠭᠤᠷᠢ ᠮᠥᠩᠭᠦ ᠶᠢᠨ ᠴᠢᠬᠤᠯᠠ ᠦᠢᠯᠡᠳᠦᠯ ᠢ | ᠭᠦᠢᠴᠡᠳ ᠪᠠᠳᠠᠷᠠᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠦᠴᠢᠷ | ᠠᠰᠠᠭᠤᠳᠠᠯ ᠢ ᠰᠢᠢᠳᠪᠦᠷᠢᠯᠡᠨ᠎ᠡ᠃ ᠯᠢᠦ ᠵᠠᠨ ᠶᠢᠩ᠂ ᠤᠳᠤ ᠠᠴᠠ ᠡᠬᠢᠯᠡᠨ᠂ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ | ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠯᠢᠪᠠ ᠠᠰᠢᠭᠲᠠᠢ ᠴᠠᠭ ᠲᠣᠬᠢᠶᠠᠯ ᠢ ᠠᠮᠵᠢᠵᠤ᠂ ᠠᠯᠢᠪᠠ | ᠠᠰᠢᠭᠲᠠᠢ ᠨᠥᠬᠦᠴᠡᠯ ᠢ ᠠᠰᠢᠭᠯᠠᠨ᠂ ᠬᠠᠷᠠᠯᠲᠠ ᠪᠠᠨ ᠠᠩᠬᠠᠷᠤᠨ ᠪᠠᠶᠢᠳᠠᠯ ᠢᠶᠠᠨ ᠪᠠᠲᠤᠯᠠᠵᠤ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠰᠠᠶᠢᠲᠤᠷ ᠬᠡᠷᠡᠭᠵᠢᠭᠦᠯᠵᠦ᠂ ᠨᠢᠭᠡᠳ ᠨᠢᠭᠡ ᠪᠠᠷ | ᠰᠠᠶᠢᠲᠤᠷ ᠨᠠᠶᠢᠳᠠᠪᠤᠷᠢᠵᠢᠭᠤᠯᠤᠨ᠎ᠠ ᠭᠡᠵᠦ ᠢᠯᠡᠳᠬᠡᠪᠡ᠃ ︵ᠰᠦᠩ ᠰᠢᠶᠠᠩ ᠬᠤᠸᠠ︶ | |