ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠨᠧᠷᠭᠢ ᠶᠢᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠬᠤᠷᠠᠯᠳᠤᠭᠤᠯᠪᠠ ᠬᠤᠸᠠᠩ ᡁᠢ ᠴᠢᠶᠠᠩ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/12/20

       ᠬᠤᠸᠠᠩ ᡁᠢ ᠴᠢᠶᠠᠩ ᠴᠢᠬᠤᠯᠠᠴᠢᠯᠠᠭᠰᠠᠨ ᠨᠢ᠂ ᠥᠪᠥᠷ ᠮᠣᠩᠭᠤᠯ ᠪᠣᠯ ᠪᠦᠬᠦ ᠤᠯᠤᠰ ᠤᠨ ᠡᠨᠧᠷᠭᠢ ᠶᠢᠨ

ᠲᠣᠮᠣ ᠣᠷᠣᠨ ᠪᠣᠯᠬᠤ ᠪᠥᠭᠡᠳ ᠠᠶᠤᠯ ᠦᠭᠡᠢ ᠦᠢᠯᠡᠳᠪᠦᠷᠢᠯᠡᠯ ᠤᠨ ᠴᠢᠬᠤᠯᠠ ᠪᠠᠯᠭᠠᠰᠤ ᠪᠣᠯᠣᠨ᠎ᠠ᠂ ᠡᠨᠧᠷᠭᠢ ᠶᠢᠨ

ᠬᠦᠷᠢᠶᠡᠨ ᠳᠤ ᠢᠮᠠᠭᠲᠠ ᠠᠶᠤᠯ ᠦᠭᠡᠢ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢᠵᠢᠭᠦᠯᠵᠦ᠂ ᠨᠢᠭᠡᠳᠦᠯᠲᠡᠢ

ᠲᠥᠯᠥᠪᠵᠢᠭᠦᠯᠦᠨ ᠬᠥᠭᠵᠢᠭᠦᠯᠬᠦ ᠪᠠ ᠠᠮᠤᠷ ᠲᠦᠪᠰᠢᠨ ᠤ ᠤᠬᠠᠮᠰᠠᠷ ᠬᠢᠭᠡᠳ ᠴᠢᠳᠠᠪᠤᠷᠢ ᠪᠠᠨ ᠴᠢᠩᠭᠠᠳᠬᠠᠵᠤ᠂

ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ

ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠨᠳᠥᠷ ᠬᠢᠷᠢ ᠲᠦᠪᠰᠢᠨ ᠪᠦᠬᠦᠢ ᠠᠮᠤᠷ

ᠲᠦᠪᠰᠢᠨ ᠢᠶᠠᠷ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠡᠨᠧᠷᠭᠢ ᠶᠢᠨ

ᠬᠦᠷᠢᠶᠡᠨ ᠤ ᠬᠢᠨ ᠣᠨ ᠤ ᠰᠡᠭᠦᠯᠴᠢ ᠵᠢᠯ ᠤᠨ ᠡᠬᠢᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭ᠎ᠠ

ᠠᠩᠬᠠᠷᠤᠨ ᠪᠣᠳᠠᠲᠠᠢ ᠠᠳᠬᠤᠵᠤ᠂ ᠠᠶᠤᠯ ᠦᠭᠡᠢ ᠦᠢᠯᠡᠳᠪᠦᠷᠢᠯᠡᠯ ᠢ ᠰᠠᠶᠢᠲᠤᠷ ᠬᠢᠬᠦ ᠳᠡᠭᠡᠳᠦ ᠬᠡᠮᠵᠢᠶᠡᠨ ᠤ ᠰᠣᠨᠣᠷ

ᠰᠡᠷᠡᠮᠵᠢ ᠲᠠᠢ ᠪᠠᠶᠢᠬᠤ ᠶᠢ ᠢᠮᠠᠭᠲᠠ ᠪᠠᠲᠤᠯᠠᠨ᠂ ᠭᠤᠣᠯᠳᠠᠯᠭ᠎ᠠ ᠪᠣᠯᠬᠤ ᠠᠵᠢᠯ ᠲᠦᠷᠦᠯ᠂ ᠭᠤᠣᠯᠳᠠᠯᠭ᠎ᠠ ᠪᠣᠯᠬᠤ

ᠣᠷᠣᠨ ᠪᠠᠶᠢᠷᠢ᠂ ᠭᠤᠣᠯᠳᠠᠯᠭ᠎ᠠ ᠪᠣᠯᠬᠤ ᠭᠤᠭᠴᠤᠭ᠎ᠠ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢᠨ ᠭᠡᠮ

ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠨᠧᠷᠭᠢ ᠶᠢᠨ ᠬᠦᠷᠢᠶᠡᠨ ᠳᠠᠬᠢ ᠠᠶᠤᠯ

ᠦᠭᠡᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠢ

ᠭᠡᠵᠡᠢ᠃

     ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠠᠶᠤᠯ ᠦᠭᠡᠢ

ᠦᠢᠯᠡᠳᠪᠦᠷᠢᠯᠡᠯ ᠤᠨ ᠵᠥᠪᠯᠡᠯ ᠤᠨ ᠠᠵᠢᠯ ᠤᠨ ᠳᠦᠷᠢᠮ︾ ᠵᠡᠷᠭᠡ ᠶᠢ ᠬᠢᠨᠠᠨ ᠵᠥᠪᠯᠡᠵᠦ ᠪᠠᠲᠤᠯᠠᠪᠠ᠃

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号