| | 12 ᠰᠠᠷ᠎ᠠ ᠶᠢᠨ 4 ᠤ ᠡᠳᠦᠷ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ | ᠬᠤᠷᠠᠯ ᠬᠥᠬᠡᠬᠤᠲᠠ ᠳᠤ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ | ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ | ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ | ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | ᠸᠠᠩ ᠯᠢ ᠰᠢᠶᠠ᠂ ᠣᠳᠣᠬᠠᠨ ᠳᠤ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠡᠶᠢᠮᠦ | ᠰᠠᠶᠢᠨ ᠪᠢᠰᠢ᠂ ᠡᠯ᠎ᠡ ᠲᠥᠷᠥᠯ ᠤᠨ ᠠᠶᠤᠯ ᠲᠦᠭᠰᠢᠭᠦᠷᠢ ᠭᠡᠮ ᠰᠣᠭᠤᠭ ᠳᠠᠪᠬᠤᠴᠠᠵᠤ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠡᠭᠦᠷᠭᠡ ᠬᠠᠲᠠᠭᠤ ᠪᠡᠷᠬᠡ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠣᠷᠣᠭᠰᠢ | ᠬᠠᠷᠠᠬᠤ ᠶᠢ ᠪᠠᠷᠢᠮᠲᠠᠯᠠᠵᠤ᠂ ᠴᠢᠩᠭ᠎ᠠ ᠪᠥᠭᠡᠳ ᠲᠤᠰᠠᠲᠠᠢ ᠠᠷᠭ᠎ᠠ ᠬᠡᠮᠵᠢᠶ᠎ᠡ ᠠᠪᠴᠤ ᠦᠨᠡᠨ ᠬᠦ ᠵᠢᠭᠰᠠᠭᠠᠨ | ᠪᠠᠶᠢᠴᠠᠭᠠᠵᠤ ᠦᠨᠡᠨ ᠬᠦ ᠴᠡᠭᠴᠡᠯᠡᠨ ᠰᠠᠶᠢᠵᠢᠷᠠᠭᠤᠯᠵᠤ᠂ 1 ᠰᠠᠷ᠎ᠠ ᠶᠢᠨ ᠴᠠᠭ ᠬᠤᠭᠤᠴᠠᠭ᠎ᠠ ᠶᠢ ᠠᠰᠢᠭᠯᠠᠨ᠂ | ᠠᠭᠤᠷᠬᠠᠢ ᠶᠢᠨ ᠬᠦᠷᠢᠶ᠎ᠡ ᠴᠠᠷᠠᠭ᠎ᠠ᠂ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ᠂ ᠣᠨᠴᠠ ᠲᠦᠷᠦᠯ ᠤᠨ | ᠲᠥᠬᠦᠭᠡᠷᠦᠮᠵᠢ ᠶᠢᠨ ᠠᠮᠤᠷ ᠲᠦᠪᠰᠢᠨ ᠤ ᠭᠡᠮ ᠰᠣᠭᠤᠭ ᠢ ᠲᠤᠰᠬᠠᠢ ᠴᠡᠭᠴᠡᠯᠡᠨ ᠵᠠᠰᠠᠬᠤ ᠪᠠ ︽ᠠᠮᠢ ᠨᠠᠰᠤᠨ ᠤ ᠵᠠᠮ︾ | ᠤᠨ ᠴᠡᠪᠡᠷᠯᠡᠨ ᠰᠢᠯᠤᠭᠤᠳᠬᠠᠬᠤ ᠠᠵᠢᠯᠯᠠᠭ᠎ᠠ᠂ ᠥᠪᠡᠰᠦᠪᠡᠨ ᠪᠠᠷᠢᠭᠰᠠᠨ ᠭᠡᠷ ᠵᠢᠴᠢ ᠬᠤᠲᠠ ᠪᠠᠯᠭᠠᠰᠤ ᠶᠢᠨ | ᠰᠢᠲᠠᠮᠠᠬᠠᠢ ᠬᠡᠢ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ︽ᠡᠷᠭᠢᠨ ᠬᠠᠷᠠᠬᠤ︾ ᠠᠵᠢᠯᠯᠠᠭ᠎ᠠ ᠶᠢ ᠲᠥᠪᠯᠡᠷᠡᠭᠦᠯᠦᠨ | ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠬᠦᠷᠢᠶ᠎ᠡ ᠴᠠᠷᠠᠭᠠᠨ ᠤ ᠠᠶᠤᠯ ᠲᠦᠭᠰᠢᠭᠦᠷᠢ ᠭᠡᠮ ᠰᠣᠭᠤᠭ ᠢ | ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠬᠦ ᠬᠡᠷᠡᠭᠲᠡᠢ᠃ ᠦᠨᠡᠨ ᠬᠦ ᠠᠷᠭ᠎ᠠ ᠬᠡᠮᠵᠢᠶ᠎ᠡ ᠠᠪᠴᠤ᠂ ᠵᠥᠭᠡᠯᠡᠨ ᠢᠶᠠᠷ | ᠬᠠᠨᠳᠤᠬᠤ ᠦᠭᠡᠢ ᠪᠠᠶᠢᠵᠤ᠂ ᠪᠠᠶᠢᠳᠠᠯ ᠲᠣᠳᠣᠷᠬᠠᠢ ᠦᠭᠡᠢ᠂ ᠰᠠᠭᠤᠷᠢ ᠲᠤᠭ᠎ᠠ ᠲᠣᠳᠣᠷᠬᠠᠢ ᠦᠭᠡᠢ ᠪᠠᠶᠢᠬᠤ | ᠠᠰᠠᠭᠤᠳᠠᠯ᠂ ᠬᠡᠯᠪᠡᠷᠢᠴᠢ ᠦᠵᠡᠯ ᠤᠨ ᠪᠠᠶᠢᠴᠠᠭᠠᠯᠲᠠ ᠶᠢᠨ ᠠᠰᠠᠭᠤᠳᠠᠯ᠂ ᠲᠣᠷᠭᠠᠭᠤᠯᠢ ᠪᠠᠷ ᠬᠠᠮᠢᠶᠠᠷᠤᠯᠲᠠ ᠶᠢ | ᠣᠷᠣᠯᠠᠭᠤᠯᠤᠨ ᠲᠣᠷᠭᠤᠭᠠᠪᠠᠯ ᠪᠣᠯᠴᠢᠬᠠᠬᠤ ᠠᠰᠠᠭᠤᠳᠠᠯ᠂ ᠥᠩᠭᠡᠨ ᠲᠡᠳᠦᠢ ᠴᠡᠭᠴᠡᠯᠡᠨ ᠰᠠᠶᠢᠵᠢᠷᠠᠭᠤᠯᠬᠤ᠂ ᠬᠤᠳᠠᠯ | ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠠᠰᠠᠭᠤᠳᠠᠯ᠂ ᠬᠤᠳᠠᠯ ᠬᠡᠯᠡᠵᠦ ᠣᠪ ᠮᠡᠭᠡ ᠭᠠᠷᠭᠠᠬᠤ᠂ ᠬᠤᠳᠠᠯ | ᠬᠠᠭᠤᠷᠮᠠᠭ ᠢᠶᠠᠷ ᠮᠡᠳᠡᠭᠦᠯᠬᠦ ᠪᠠ ᠤᠳᠠᠭᠠᠰᠢᠷᠠᠭᠤᠯᠤᠨ ᠮᠡᠳᠡᠭᠦᠯᠬᠦ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠬᠤ | ᠬᠡᠷᠡᠭᠲᠡᠢ᠃ ᠠᠬᠠᠮᠠᠳ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠮᠡᠷᠭᠡᠵᠢᠯ ᠤᠨ | ᠠᠮᠤᠷ ᠲᠦᠪᠰᠢᠨ ᠤ ᠬᠥᠮᠥᠨ ᠤ ᠦᠢᠯᠡᠳᠦᠯ ᠢ ᠪᠠᠳᠠᠷᠠᠭᠤᠯᠵᠤ᠂ ᠤᠯᠠᠮᠵᠢᠯᠠᠬᠤ ᠬᠠᠪᠰᠤᠷᠬᠤ ᠳᠠᠭᠠᠭᠤᠯᠬᠤ ᠪᠠᠷ ᠳᠠᠮᠵᠢᠨ | ᠬᠠᠤᠯᠢ ᠬᠡᠷᠡᠭᠵᠢᠭᠦᠯᠬᠦ ᠡᠩᠨᠡᠭᠡ ᠶᠢᠨ ᠲᠤᠰᠬᠠᠶᠢᠵᠢᠬᠤ ᠲᠦᠪᠰᠢᠨ᠂ ᠪᠣᠳᠠᠲᠤ ᠪᠠᠶᠢᠯᠳᠤᠭᠠᠨᠴᠢᠯᠠᠬᠤ ᠲᠦᠪᠰᠢᠨ ᠢ | ᠳᠡᠭᠡᠭᠰᠢᠯᠡᠭᠦᠯᠬᠦ ᠬᠡᠷᠡᠭᠲᠡᠢ᠃ ︽ᠶᠡᠭᠡ ᠰᠤᠷᠤᠯᠴᠠᠯᠭ᠎ᠠ᠂ ᠶᠡᠭᠡ ᠪᠣᠯᠪᠠᠰᠤᠷᠠᠯ᠂ ᠶᠡᠭᠡ ᠰᠢᠯᠭᠠᠯᠲᠠ︾ ᠢ ᠵᠣᠬᠢᠶᠠᠨ ᠪᠠᠶᠢᠭᠤᠯᠤᠨ | ᠥᠷᠨᠢᠭᠦᠯᠵᠦ᠂ ︽ᠰᠢᠯᠭᠠᠨ ᠠᠰᠠᠭᠤᠬᠤ︾ ᠭᠡᠬᠦ ᠵᠠᠩᠭᠢᠯᠠᠭ᠎ᠠ ᠶᠢ ᠠᠳᠬᠤᠵᠤ᠂ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠠᠮᠤᠷ ᠲᠦᠪᠰᠢᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ | ᠳᠣᠲᠣᠭᠠᠳᠤ ᠶᠢᠨ ︽ᠱᠦᠭᠯᠦ ᠦᠯᠢᠶᠡᠭᠴᠢ︾ ᠶᠢᠨ ᠳᠦᠷᠢᠮ ᠪᠣᠯᠣᠨ ᠣᠯᠠᠨ ᠢᠶᠠᠷ ᠢᠶᠠᠨ ᠰᠡᠷᠭᠡᠶᠢᠯᠡᠵᠦ | ᠣᠯᠠᠨ ᠢᠶᠠᠷ ᠢᠶᠠᠨ ᠵᠠᠰᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠢᠨᠠᠯᠲᠠ ᠲᠠᠯᠪᠢᠵᠤ ᠢᠯᠡᠴᠢᠯᠡᠨ | ᠮᠡᠳᠡᠭᠦᠯᠬᠦ ᠶᠢ ᠱᠠᠩᠨᠠᠬᠤ ᠠᠷᠭ᠎ᠠ ᠵᠠᠮ ᠢ ᠰᠢᠯᠤᠭᠤᠳᠬᠠᠬᠤ ᠬᠡᠷᠡᠭᠲᠡᠢ᠃ ᠢᠷᠡᠬᠦ ᠵᠢᠯ ᠢ ︽ᠦᠨᠳᠦᠰᠦᠨ ᠱᠠᠲᠤᠨ ᠤ | ᠰᠠᠭᠤᠷᠢ ᠪᠦᠲᠦᠭᠡᠨ ᠪᠠᠶᠢᠭᠤᠯᠤᠯᠲᠠ ᠶᠢᠨ ᠣᠨ︾ ᠪᠣᠯᠭᠠᠵᠤ᠂ ᠠᠮᠤᠷ ᠲᠦᠪᠰᠢᠨ ᠤ ᠪᠠᠷᠢᠮᠵᠢᠶ᠎ᠠ᠂ ᠦᠨᠳᠦᠰᠦᠨ | ᠱᠠᠲᠤᠨ ᠤ ᠡᠩᠨᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ᠂ ᠤᠬᠠᠭᠤᠯᠭ᠎ᠠ ᠪᠣᠯᠪᠠᠰᠤᠷᠠᠯ ᠤᠨ | ᠲᠣᠭᠤᠷᠢᠨ ᠳᠤ᠂ ᠦᠨᠳᠦᠰᠦᠨ ᠱᠠᠲᠤᠨ ᠤ ᠰᠠᠭᠤᠷᠢ ᠬᠢᠴᠢᠶᠡᠯ ᠢ ᠨᠥᠬᠦᠪᠦᠷᠢᠯᠡᠨ ᠣᠷᠣᠵᠤ᠂ ᠯᠠᠪᠳᠠᠭᠤᠨ ᠪᠠᠲᠤᠲᠠᠢ | ᠠᠷᠭ᠎ᠠ ᠬᠡᠮᠵᠢᠶ᠎ᠡ ᠪᠠᠷ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠮᠡᠳᠡᠭᠳᠡᠪᠡ᠃ ᠬᠤᠸᠠᠩ ᡁᠢ | ᠴᠢᠶᠠᠩ ᠬᠤᠷᠠᠯ ᠢ ᠡᠷᠬᠢᠯᠡᠭᠰᠡᠨ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠵᠦ᠂ ᠴᠢ᠊ ᠪᠠᠲᠤ᠂ ᠪᠣᠤ ᠰᠢᠶᠠᠨ ᠬᠤᠸᠠ᠂ | ᠵᠧᠩ ᠭᠤᠸᠠᠩ ᠵᠣᠤ᠂ ᠶᠣᠣ ᠶᠦᠩ ᠪᠥᠸᠧ᠂ ᠶᠠᠩ ᠶᠢᠨ᠂ ᠪᠠᠢ ᠴᠢᠩ ᠶᠤᠸᠠᠨ᠂ ᠶᠠᠩ ᠵᠢᠶᠧ᠂ ᠰᠦᠨ ᠵᠢᠶᠦ᠋ᠨ ᠴᠢᠩ | ᠣᠷᠣᠯᠴᠠᠵᠠᠢ᠃ | | | | | | | | | | | | | | | | | | | | | |