ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠥᠪᠥᠷ ᠵᠠᠰᠠᠭ ᠦᠰᠦᠭ ︹ 2024 ︺ 230 ᠳ᠋ᠤᠭᠠᠷ ᠲᠣᠭᠠᠲᠤ | ᠥᠪᠥᠷᠵᠢᠯᠠᠭ᠎ᠠ ᠴᠦᠬᠦᠷᠦᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣ᠊ᠷᠣᠨ ᠵᠢᠴᠢ ᠬᠦᠢᠰᠦ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠰᠢᠨ᠎ᠡ ᠪᠠᠷ | ᠨᠡᠮᠡᠭᠳᠡᠭᠦᠯᠬᠦ ᠪᠠ ᠬᠥᠮᠥᠨ ᠠᠮᠠ ᠨᠡᠭᠦᠯᠭᠡᠵᠦ ᠣᠷᠣᠭᠤᠯᠬᠤ ᠶᠢ ᠴᠠᠭᠠᠵᠠᠯᠠᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ | ᠬᠢᠩᠭᠠᠨ ᠠᠶᠢᠮᠠᠭ ᠤᠨ ᠵᠠᠬᠢᠷᠭ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ | ᠭᠡᠷ᠂ ᠲᠢᠩᠬᠢᠮ᠂ ᠲᠣᠪᠴᠢᠶ᠎ᠠ ᠳᠤ᠄ | ᠪᠠᠶᠢᠭᠤᠯᠬᠤ ᠪᠠᠷ ᠪᠠᠶᠢᠭ᠎ᠠ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠪᠣᠯ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠣᠣᠷᠵᠢᠭᠤᠯᠤᠯᠲᠠ ᠶᠢᠨ ᠲᠥᠯᠥᠪᠵᠢᠭᠦᠯᠦᠨ ᠪᠦᠲᠦᠭᠡᠨ ᠪᠠᠶᠢᠭᠤᠯᠬᠤ ᠭᠤᠣᠯᠳᠠᠯᠭ᠎ᠠ ᠲᠠᠢ ᠤᠰᠤᠨ | ᠰᠤᠷᠪᠤᠯᠵᠢ ᠶᠢᠨ ᠪᠠᠷᠢᠯᠭ᠎ᠠ ᠪᠣᠯᠣᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠭᠠᠵᠠᠷ ᠰᠢᠷᠣᠢ | ᠲᠠᠲᠠᠪᠤᠷᠢᠯᠠᠬᠤ ᠪᠠ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ | ᠪᠠᠲᠤᠯᠠᠬᠤ ᠶᠢᠨ ᠲᠤᠰᠠᠳᠠ᠂ ︽ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠳᠤ ᠲᠥᠯᠥᠪᠦᠷᠢ ᠥᠭᠬᠦ ᠪᠠ ᠠᠷᠠᠳ ᠢ | ᠨᠡᠭᠦᠯᠭᠡᠨ ᠲᠥᠪᠬᠢᠨᠡᠭᠦᠯᠬᠦ ᠳᠦᠷᠢᠮ︾ ︵ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 679 ᠳ᠋ᠦ᠋ᠭᠡᠷ ᠲᠣᠭᠠᠲᠤ︶ | ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ | ᠮᠡᠲᠦ ᠵᠠᠷᠯᠠᠨ ᠮᠡᠳᠡᠭᠳᠡᠶ᠎ᠡ᠄ | ᠨᠢᠭᠡ᠂ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣᠷᠣᠨ ᠵᠢᠴᠢ ᠬᠦᠢᠰᠦ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠨᠢ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠤᠯᠠᠭᠠᠨᠮᠣᠳᠤ ᠰᠤᠮᠤ ᠶᠢᠨ ᠪᠠᠶᠠᠨᠵᠢᠷᠦᠬᠡ ᠭᠠᠴᠠᠭ᠎ᠠ᠂ ᠥᠪᠥᠷᠵᠢᠯᠠᠭ᠎ᠠ ᠭᠠᠴᠠᠭ᠎ᠠ ᠳᠤ | ᠬᠤᠯᠪᠣᠭᠳᠠᠵᠤ᠂ ᠪᠣᠳᠠᠲᠠᠢ ᠬᠦᠷᠢᠶ᠎ᠡ ᠬᠡᠪᠴᠢᠶ᠎ᠡ ᠨᠢ ᠲᠤᠬᠠᠢ ᠶᠢᠨ ᠲᠠᠯᠠᠪᠤᠷ ᠲᠤ ᠪᠤᠯᠠᠭᠠᠷᠢ ᠲᠣᠭᠲᠠᠭᠠᠬᠤ ᠪᠠᠷ | ᠪᠠᠷᠢᠮᠵᠢᠶ᠎ᠠ ᠪᠣᠯᠭᠠᠨ᠎ᠠ᠃ | ᠬᠤᠶᠠᠷ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢ | ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣᠷᠣᠨ ᠬᠢᠭᠡᠳ ᠬᠦᠢᠰᠦ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠡᠯ᠎ᠡ ᠵᠦᠢᠯ ᠤᠨ ᠰᠠᠭᠤᠷᠢ ᠪᠡᠯᠡᠳᠬᠡᠮᠵᠢ ︵ᠰᠤᠮᠤ ᠰᠢᠶᠠᠩ | ᠪᠠᠯᠭᠠᠰᠤᠨ ᠤ ᠠᠵᠤ ᠠᠬᠤᠶᠢᠯᠠᠯ ᠪᠠ ᠠᠷᠠᠳ ᠤᠨ ᠬᠡᠷᠡᠭᠯᠡᠭᠡᠨ ᠤ ᠣᠷᠣᠨ ᠰᠠᠭᠤᠴᠠ ᠪᠠᠭᠲᠠᠨ᠎ᠠ︶ ᠪᠠᠶᠢᠭᠤᠯᠬᠤ ᠶᠢ | ᠵᠥᠪᠰᠢᠶᠡᠷᠡᠵᠦ ᠪᠣᠯᠬᠤ ᠦᠭᠡᠢ᠃ | ᠭᠤᠷᠪᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠤᠰᠤᠨ | ᠲᠦᠯᠬᠢᠯᠲᠡ ᠶᠢᠨ ᠣᠷᠣᠨ ᠪᠠ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ | ᠲᠥᠷᠥᠯ ᠵᠦᠢᠯ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ ᠪᠣᠯᠬᠤ ᠦᠭᠡᠢ | ᠂ ᠭᠡᠷ ᠪᠠᠶᠢᠰᠢᠩ ᠪᠠᠷᠢᠬᠤ ᠪᠠ ᠪᠤᠰᠤᠳ ᠪᠡᠯᠡᠳᠬᠡᠮᠵᠢ ᠪᠠᠶᠢᠭᠤᠯᠵᠤ ᠪᠣᠯᠬᠤ ᠦᠭᠡᠢ᠂ ᠤᠤᠯ ᠭᠠᠵᠠᠷ ᠤᠨ ᠲᠦᠷᠦᠯ᠂ | ᠭᠠᠵᠠᠷ ᠤᠨ ᠲᠥᠷᠬᠦ ᠶᠢ ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠬᠤ ᠭᠠᠵᠠᠷ᠂ ᠬᠠᠰᠢᠶ᠎ᠠ ᠬᠦᠷᠢᠶᠡᠯᠡᠩ ᠵᠠᠪᠳᠤᠨ | ᠵᠠᠪᠰᠢᠵᠤ ᠬᠠᠭᠠᠯᠪᠤᠷᠢᠯᠠᠬᠤ ᠵᠢᠴᠢ ᠡᠯ᠎ᠡ ᠵᠦᠢᠯ ᠤᠨ ᠤᠯᠠᠨ ᠨᠠᠰᠤᠲᠤ ᠠᠵᠤ ᠠᠬᠤᠢ ᠶᠢᠨ ᠲᠠᠷᠢᠮᠠᠯ ᠪᠠ ᠣᠢ ᠮᠣᠳᠣ | ᠵᠠᠪᠳᠤᠨ ᠵᠠᠪᠰᠢᠵᠤ ᠵᠠᠶᠢᠯᠠᠬᠤ ᠵᠡᠷᠭᠡ ᠭᠠᠵᠠᠷ ᠰᠢᠷᠣᠢ ᠶᠢᠨ ᠬᠡᠷᠡᠭᠴᠡᠭᠡ ᠶᠢ ᠬᠤᠪᠢᠷᠠᠭᠤᠯᠬᠤ ᠪᠠ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢ ᠨᠥᠯᠥᠭᠡᠯᠡᠬᠦ ᠠᠵᠢᠯᠯᠠᠭ᠎ᠠ ᠬᠢᠵᠦ ᠪᠣᠯᠬᠤ ᠦᠭᠡᠢ᠃ | ᠳᠥᠷᠪᠡ᠂ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠬᠤ ᠦᠶᠡᠯᠡᠯ ᠤᠨ ᠬᠤᠭᠤᠴᠠᠭ᠎ᠠ | ᠨᠡᠯᠢᠶᠡᠳ ᠤᠷᠲᠤ ᠪᠠᠶᠢᠬᠤ ᠶᠢ ᠪᠣᠳᠣᠯᠬᠢᠯᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠠᠴᠠ ᠪᠣᠯᠵᠤ ᠲᠤᠬᠠᠢ ᠶᠢᠨ | ᠭᠠᠵᠠᠷ ᠤᠨ ᠣᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠳᠤ ᠨᠢ ᠳᠡᠩᠳᠡᠭᠦᠦ ᠶᠡᠭᠡ ᠨᠥᠯᠥᠭᠡ ᠭᠠᠷᠭᠠᠬᠤ | ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠲᠤᠬᠠᠢ ᠶᠢᠨ ᠭᠠᠵᠠᠷ ᠤᠨ ᠣᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠯᠤᠭ᠎ᠠ ᠰᠢᠭᠤᠳ ᠬᠤᠯᠪᠣᠭ᠎ᠠ ᠲᠠᠢ᠂ ᠦᠨᠡᠨ ᠬᠦ ᠪᠦᠲᠦᠭᠡᠨ ᠪᠠᠶᠢᠭᠤᠯᠬᠤ ᠴᠢᠬᠤᠯᠠ ᠲᠠᠢ | ᠲᠥᠷᠥᠯ ᠵᠦᠢᠯ ᠢ ︽ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠳᠤ ᠲᠥᠯᠥᠪᠦᠷᠢ ᠥᠭᠬᠦ ᠪᠠ ᠠᠷᠠᠳ ᠢ ᠨᠡᠭᠦᠯᠭᠡᠨ | ᠲᠥᠪᠬᠢᠨᠡᠭᠦᠯᠬᠦ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ | ᠬᠤᠰᠢᠭᠤᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ ᠪᠦᠲᠦᠭᠡᠨ ᠪᠠᠶᠢᠭᠤᠯᠵᠤ ᠪᠣᠯᠣᠨ᠎ᠠ᠃ | ᠲᠠᠪᠤ᠂ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣᠷᠣᠨ ᠬᠢᠭᠡᠳ ᠬᠦᠢᠰᠦ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠠᠬᠢ ᠡᠷᠥᠭᠡ ᠠᠮᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠬᠥᠮᠥᠨ ᠠᠮᠠ ᠨᠡᠭᠦᠯᠭᠡᠨ ᠣᠷᠤᠭᠤᠯᠬᠤ ᠶᠢ | ᠴᠢᠩᠭ᠎ᠠ ᠬᠢᠵᠠᠭᠠᠷᠯᠠᠬᠤ ᠬᠡᠷᠡᠭᠲᠡᠢ᠃ ᠲᠦᠷᠦᠭᠰᠡᠨ᠂ ᠤᠷᠤᠭᠯᠠᠭᠰᠠᠨ᠂ ᠴᠡᠷᠢᠭ ᠠᠴᠠ ᠬᠠᠯᠠᠭᠳᠠᠭᠰᠠᠨ ᠪᠠ ᠪᠠᠭᠤᠭᠰᠠᠨ᠂ | ᠶᠡᠭᠡ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ᠂ ᠡᠷᠡᠭᠦᠦ ᠶᠢᠨ | ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠥᠰ ᠵᠡᠷᠭᠡ ᠨᠤᠲᠤᠭ ᠲᠤ ᠪᠠᠨ ᠪᠤᠴᠠᠭᠰᠠᠨ ᠬᠥᠮᠥᠰ ᠠᠴᠠ | ᠪᠤᠰᠤᠳ ᠲᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠯ᠎ᠡ | ᠲᠦᠷᠦᠯ ᠤᠨ ᠬᠥᠮᠥᠨ ᠠᠮᠠ ᠨᠡᠭᠦᠯᠭᠡᠨ ᠣᠷᠤᠭᠤᠯᠬᠤ ᠭᠠᠷᠳᠠᠮ ᠢ ᠭᠦᠢᠴᠡᠳᠬᠡᠵᠦ ᠪᠣᠯᠬᠤ ᠦᠭᠡᠢ᠃ | ᠵᠢᠷᠭᠤᠭ᠎ᠠ᠂ ᠪᠠᠷᠢᠯᠭ᠎ᠠ ᠶᠢᠨ ᠭᠠᠵᠠᠷ ᠰᠢᠷᠣᠢ ᠲᠠᠲᠠᠪᠤᠷᠢᠯᠠᠵᠤ ᠨᠡᠭᠦᠯᠭᠡᠨ ᠰᠢᠯᠵᠢᠭᠦᠯᠬᠦ ᠲᠠᠰᠢᠷᠠᠮ ᠢ ᠠᠰᠢᠭᠯᠠᠨ ᠤᠯᠠᠨ | ᠲᠦᠮᠡᠨ ᠢ ᠥᠳᠥᠭᠡᠵᠦ ᠬᠡᠷᠡᠭ ᠲᠠᠲᠠᠭᠰᠠᠨ᠂ ᠭᠠᠵᠠᠷ ᠰᠢᠷᠣᠢ ᠲᠠᠲᠠᠪᠤᠷᠢᠯᠠᠵᠤ ᠨᠡᠭᠦᠯᠭᠡᠨ ᠰᠢᠯᠵᠢᠭᠦᠯᠬᠦ ᠠᠵᠢᠯ ᠳᠤ | ᠬᠠᠷᠰᠢ ᠰᠠᠭᠠᠳ ᠤᠴᠠᠷᠠᠭᠤᠯᠤᠭᠰᠠᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠠᠷᠰᠢᠯᠠᠭᠰᠠᠨ ᠵᠡᠷᠭᠡ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ | ᠲᠣᠷᠭᠠᠭᠤᠯᠢ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠰᠢᠢᠳᠬᠡᠯ ᠲᠣᠷᠭᠠᠭᠤᠯᠢ ᠥᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | 2024 ᠣᠨ ᠤ 11 ᠳ᠋ᠦ᠋ᠭᠡᠷ ᠰᠠᠷ᠎ᠠ ᠶᠢᠨ 14 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | | | | | | | | | | | | | | | | | | | | | | | | | | | | | | | | | | | | | | | | | | | | | | | | | | | | |