︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ︾ ᠶᠢ ᠯᠠᠪᠯᠠᠨ ᠦᠵᠡᠬᠦ ᠠᠷᠭ᠎ᠠ ᠵᠠᠮ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2024/12/23

     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ

ᠮᠡᠳᠡᠭᠡ︾ ︵ᠳᠣᠷᠣᠭᠰᠢ ︽ᠵᠠᠰᠠᠭ ᠤᠨ ᠣᠷᠳᠣᠨ ᠤ ᠠᠯᠪᠠᠨ ᠮᠡᠳᠡᠭᠡ︾ ᠭᠡᠵᠦ ᠲᠣᠪᠴᠢᠯᠠᠪᠠ︶ ᠪᠣᠯ ᠥᠪᠡᠷᠲᠡᠭᠡᠨ

ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ᠳᠦᠷᠢᠮ ᠪᠠ ᠵᠠᠰᠠᠭ ᠵᠠᠬᠢᠷᠭᠠᠨ ᠤ

ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠡᠶᠢᠲᠡᠯᠡᠬᠦ ᠬᠠᠤᠯᠢ ᠪᠠᠷ ᠲᠣᠭᠲᠠᠭᠠᠭᠰᠠᠨ ᠠᠴᠢᠶᠠᠯᠠᠪᠤᠷᠢ ᠪᠣᠯᠣᠨ᠎ᠠ᠂

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ

ᠵᠠᠷᠯᠢᠭ ᠨᠡᠶᠢᠲᠡᠯᠡᠬᠦ ᠡᠷᠬᠡ ᠰᠦᠷᠲᠦ ᠠᠷᠭ᠎ᠠ ᠵᠠᠮ ᠪᠣᠯᠣᠨ᠎ᠠ᠃ ᠣᠯᠠᠨ ᠨᠡᠶᠢᠲᠡ ᠶᠢᠨ ᠴᠠᠭ ᠲᠤᠬᠠᠢ ᠳᠤ ᠨᠢ ᠯᠠᠪᠯᠠᠨ

ᠦᠵᠡᠬᠦ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢ

ᠯᠠᠪᠯᠠᠨ ᠦᠵᠡᠬᠦ ᠠᠷᠭ᠎ᠠ ᠵᠠᠮ ᠢ ᠳᠣᠣᠷᠠᠬᠢ ᠮᠡᠲᠦ ᠵᠠᠷᠯᠠᠶ᠎ᠠ᠃

   ᠨᠢᠭᠡ᠂ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢᠨ ᠴᠠᠭᠠᠰᠤᠨ ᠬᠡᠪᠯᠡᠯ

   ᠨᠡᠶᠢᠲᠡ ᠣᠯᠠᠨ ᠢᠶᠠᠷ ᠢᠶᠠᠨ ᠲᠣᠰ ᠭᠠᠵᠠᠷ ᠣᠷᠣᠨ ᠤ ᠪᠠᠨ ᠲᠠᠩᠰᠠ ᠡᠪᠬᠡᠮᠡᠯ ᠤᠨ ᠣᠷᠳᠣᠨ᠂ ᠨᠣᠮ ᠤᠨ ᠰᠠᠩ᠂

ᠵᠠᠰᠠᠭ ᠤᠨ ᠶᠠᠪᠤᠳᠠᠯ ︵ᠵᠠᠰᠠᠭ ᠵᠠᠬᠢᠷᠭᠠᠨ︶ ᠤᠨ ᠦᠢᠯᠡᠴᠢᠯᠡᠭᠡᠨ ᠤ ᠶᠡᠭᠡ ᠲᠢᠩᠬᠢᠮ ᠵᠡᠷᠭᠡ ᠲᠠᠯᠠᠪᠤᠷ ᠲᠤ ︽

ᠵᠠᠰᠠᠭ ᠤᠨ ᠣᠷᠳᠣᠨ ᠤ ᠠᠯᠪᠠᠨ ᠮᠡᠳᠡᠭᠡ︾ ᠶᠢᠨ ᠴᠠᠭᠠᠰᠤᠨ ᠬᠡᠪᠯᠡᠯ ᠳᠤ ᠨᠡᠶᠢᠲᠡᠯᠡᠭᠰᠡᠨ ᠠᠭᠤᠯᠭ᠎ᠠ ᠶᠢ ᠯᠠᠪᠯᠠᠨ

ᠦᠵᠡᠵᠦ ᠪᠣᠯᠣᠨ᠎ᠠ᠃

   ᠬᠤᠶᠠᠷ᠂ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢᠨ ᠡᠯᠧᠺᠳ᠋ᠷᠣᠨ ᠬᠡᠪᠯᠡᠯ

   ᠨᠡᠶᠢᠲᠡ ᠣᠯᠠᠨ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ

ᠰᠦᠯᠵᠢᠶ᠎ᠡ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ

ᠠᠯᠪᠠᠨ ᠨᠡᠶᠢᠲᠡᠯᠡᠯ︾ ᠸᠢᠴᠠᠲ ᠤᠨ ᠨᠡᠶᠢᠲᠡ ᠶᠢᠨ ᠲᠠᠪᠴᠠᠩ ᠳᠠᠬᠢ ︽ᠵᠠᠰᠠᠭ ᠤᠨ ᠣᠷᠳᠣᠨ ᠤ ᠠᠯᠪᠠᠨ ᠮᠡᠳᠡᠭᠡ︾

ᠲᠤᠰᠬᠠᠢ ᠪᠤᠯᠤᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ᠂

ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠤᠳᠠᠯᠳᠤᠭᠠᠨ ᠤ

ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂

ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭ᠎ᠠ ᠶᠢᠨ

ᠬᠤᠯᠪᠣᠭᠠᠲᠦ ᠬᠤᠷᠠᠯ ᠪᠠ ᠥᠪᠥᠷ ᠮᠣᠩᠭᠤᠯ ᠤᠨ ᠨᠣᠮ ᠤᠨ ᠰᠠᠩ ᠵᠡᠷᠭᠡ ᠰᠠᠯᠠᠭ᠎ᠠ ᠮᠥᠴᠢᠷ ᠨᠢᠭᠡᠴᠢ ᠶᠢᠨ

ᠸᠢᠴᠠᠲ ᠤᠨ ᠨᠡᠶᠢᠲᠡ ᠶᠢᠨ ᠲᠠᠪᠴᠠᠩ ᠵᠢᠴᠢ ︽ᠮᠦᠩᠬᠡ ᠰᠤᠪᠠᠭ︾᠂ ︽ᠲᠠᠯ᠎ᠠ ᠨᠤᠲᠤᠭ ᠤᠨ ᠡᠭᠦᠯᠡ︾᠂ ︽ᠪᠧᠨ

ᠲᠧᠩ ᠬᠠᠮ ᠵᠠᠭᠤᠴᠢᠯᠠᠭᠤᠷ︾ ᠵᠡᠷᠭᠡ APP ᠲᠠᠬᠢ ︽ᠵᠠᠰᠠᠭ ᠤᠨ ᠣᠷᠳᠣᠨ ᠤ ᠠᠯᠪᠠᠨ ᠮᠡᠳᠡᠭᠡ︾ ᠲᠤᠰᠬᠠᠢ

ᠪᠤᠯᠤᠩ ᠢᠶᠠᠷ ᠤᠩᠰᠢᠨ ᠡᠷᠢᠵᠦ᠂ ᠳᠠᠮᠵᠢᠭᠤᠯᠤᠨ ᠲᠠᠷᠬᠠᠭᠠᠵᠤ᠂ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢᠨ

ᠡᠯᠧᠺᠳ᠋ᠷᠣᠨ ᠬᠡᠪᠯᠡᠯ ᠳᠤ ᠨᠡᠶᠢᠲᠡᠯᠡᠭᠰᠡᠨ ᠠᠭᠤᠯᠭ᠎ᠠ ᠶᠢ ᠪᠠᠭᠤᠯᠭᠠᠨ ᠳᠠᠷᠤᠮᠠᠯᠯᠠᠵᠤ ᠪᠣᠯᠣᠨ᠎ᠠ᠃

   2024 ᠣᠨ ᠤ 9 ᠳ᠋ᠦ᠋ᠭᠡᠷ ᠰᠠᠷ᠎ᠠ ᠶᠢᠨ 20 ᠤ ᠡᠳᠦᠷ

   ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号