ᠰᠢᠯᠢ ᠶᠢᠨ ᠭᠤᠤᠯ ᠠᠶᠢᠮᠠᠭ ᠨᠢ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠰᠥᠨᠥᠭᠡᠬᠦ ᠲᠠᠶᠢᠯᠠᠯᠳᠤᠭᠠᠨ ᠢ ᠮᠦᠩᠬᠦᠨ ᠬᠦᠢᠯᠭᠡᠭᠡᠨ ᠢᠶᠠᠷ ᠳᠡᠮᠵᠢᠪᠡ
ᠨᠡᠶᠢᠲᠡᠯᠡᠭᠰᠡᠨ ᠴᠠᠭ᠄
2024/12/23

    ᠨᠡᠶᠢᠭᠡᠮ‌‍ᠤᠨ ᠬᠥᠷᠥᠩᠭᠡ ᠮᠥᠩᠭᠦ ᠣᠷᠣᠯᠴᠠᠭᠰᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ

ᠵᠦᠢᠯ ᠤᠨ ᠬᠥᠮᠥᠷᠭᠡ ᠶᠢ ᠪᠠᠶᠢᠭᠤᠯᠵᠤ᠂ ᠶᠡᠷᠦᠩᠬᠡᠢ ᠢᠲᠡᠭᠡᠮᠵᠢ ᠣᠯᠭᠤᠬᠤ᠂ ᠲᠤᠰᠬᠠᠶ ᠵᠦᠢᠯ ᠢᠶᠠᠷ ᠪᠡᠯᠡ

ᠲᠣᠬᠢᠷᠠᠭᠤᠯᠬᠤ᠂ ᠪᠡᠯᠡ ᠮᠥᠩᠭᠦ ᠳ᠋ᠦᠩᠨᠡᠨ ᠪᠣᠳᠣᠬᠤ ᠶᠢ ᠨᠢᠭᠡ ᠴᠣᠭᠴᠠᠵᠢᠭᠤᠯᠤᠭᠰᠠᠨ ᠲᠤᠰᠬᠠᠶ ᠵᠦᠢᠯᠲᠦ ᠮᠥᠩᠭᠦᠨ

ᠭᠦᠢᠯᠭᠡᠭᠡᠨ ᠤ ᠦᠢᠯᠡᠴᠢᠯᠡᠭᠡ ᠶᠢᠨ ᠲᠥᠰᠦᠯ ᠢ ᠲᠣᠭᠲᠠᠭᠠᠨ᠎ᠠ ᠁ ᠥᠨᠥ ᠵᠢᠯ ᠰᠢᠯᠢ ᠶᠢᠨ ᠭᠤᠤᠯ ᠠᠶᠢᠮᠠᠭ

ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠪᠠ ᠮᠥᠩᠭᠦᠨ ᠭᠦᠢᠯᠭᠡᠭᠡᠨ ᠤ ᠪᠠᠭᠠᠵᠢ ᠶᠢ ᠰᠠᠶᠢᠲᠤᠷ ᠬᠡᠷᠡᠭᠯᠡᠨ᠂

ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠰᠥᠨᠥᠭᠡᠬᠦ ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦᠨ ᠨᠡᠮᠡᠷᠢᠯᠡᠵᠦ

ᠪᠤᠢ᠃

     ᠲᠥᠷᠥᠭᠦᠬᠡᠨ᠂ ᠠᠵᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠰᠢᠯᠢ ᠶᠢᠨ ᠭᠤᠣᠯ ᠠᠶᠢᠮᠠᠭ ᠲᠠᠬᠢ

ᠬᠤᠪᠢᠶᠠᠷᠢ ᠪᠠᠩᠬᠢ ᠨᠢ ᠰᠢᠯᠢ ᠶᠢᠨ ᠭᠤᠣᠯ ᠠᠢᠮᠠᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠳᠤ

ᠮᠥᠩᠭᠦᠨ ᠭᠦᠢᠯᠭᠡᠭᠡ ᠪᠠᠷ ᠬᠦᠴᠦᠨ ᠣᠯᠭᠤᠬᠤ ᠬᠠᠮᠲᠤᠷᠠᠯᠴᠠᠭᠠᠨ ᠤ ᠵᠥᠪᠯᠡᠯᠴᠡᠭᠡᠷ ᠳᠣᠬᠢᠷᠠᠯᠴᠠᠬᠤ ᠶᠣᠰᠣᠯᠠᠯ

ᠶᠠᠪᠤᠭᠳᠠᠭᠤᠯᠵᠠᠢ᠂ ᠲᠤᠰ ᠤᠳᠠᠭᠠᠨ ᠤ ᠬᠠᠮᠲᠤᠷᠠᠯᠴᠠᠭᠠᠨ ᠢᠶᠠᠷ ᠬᠤᠯᠠᠨ ᠰᠢᠷᠭ᠎ᠠ ᠳᠠᠭ᠎ᠠ ᠶᠢᠨ ᠡᠯᠡᠰᠦ ᠶᠢ ᠵᠠᠰᠠᠬᠤ

ᠡᠯ᠎ᠡ ᠲᠥᠷᠥᠯ ᠤᠨ ᠭᠤᠣᠯ ᠴᠣᠭᠴᠠ ᠳᠤ ᠮᠥᠩᠭᠦᠨ ᠭᠦᠢᠯᠭᠡᠭᠡᠨ ᠤ ᠯᠠᠪᠳᠠᠭᠤᠨ ᠪᠠᠲᠤᠲᠠᠢ ᠳᠡᠮᠵᠢᠯᠭᠡ ᠬᠠᠩᠭᠠᠵᠤ᠂

ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠰᠥᠨᠥᠭᠡᠬᠦ ᠲᠠᠶᠢᠯᠠᠯᠳᠤᠭᠠᠨ ᠳᠤ ᠮᠥᠩᠭᠦᠨ ᠭᠦᠢᠯᠭᠡᠭᠡᠨ ᠢᠶᠠᠷ ᠬᠦᠴᠦᠨ

ᠣᠯᠭᠤᠬᠤ ᠪᠣᠯᠣᠨ᠎ᠠ᠃

ᠠᠵᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠰᠢᠯᠢ ᠶᠢᠨ ᠭᠤᠤᠯ ᠠᠶᠢᠮᠠᠭ ᠲᠠᠬᠢ ᠬᠤᠪᠢᠶᠠᠷᠢ ᠪᠠᠩᠬᠢ ᠶᠢᠨ

ᠳᠠᠷᠤᠭ᠎ᠠ ᠶᠣᠣ ᠶᠢᠩ ᠬᠡᠯᠡᠬᠦ ᠳᠤ ᠪᠠᠨ᠂ ᠢᠷᠡᠭᠡᠳᠦᠶ ᠳᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠨᠢᠭᠡ

ᠴᠣᠭᠴᠠᠵᠢᠭᠤᠯᠤᠭᠰᠠᠨ ᠬᠤᠯᠪᠤᠭᠳᠠᠯ ᠪᠥᠬᠦᠶ ᠠᠵᠤ ᠠᠬᠤᠶᠢᠯᠠᠯ ᠳᠤ ᠪᠥᠬᠦ ᠲᠠᠯ᠎ᠠ ᠶᠢᠨ ᠮᠥᠩᠭᠦᠨ ᠭᠦᠢᠯᠭᠡᠭᠡᠨ ᠤ

ᠳᠡᠮᠵᠢᠯᠭᠡ ᠬᠠᠩᠭᠠᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦ ᠶᠢ ᠰᠥᠨᠥᠭᠡᠬᠦ ᠳᠠᠶᠢᠯᠠᠯᠳᠤᠭᠠᠨ ᠤ ᠢᠯᠠᠯᠲᠠ

ᠤᠯᠬᠤ ᠳᠤ ᠪᠠᠩᠬᠢ ᠶᠢᠨ ᠦᠢᠯᠡᠰ ᠤᠨ ᠬᠦᠴᠦᠨ ᠴᠢᠳᠠᠯ ᠢᠶᠠᠨ ᠡᠷᠭᠦᠨ᠎ᠡ ᠭᠡᠯ᠎ᠡ᠃

     ᠰᠢᠯᠢ ᠶᠢᠨ ᠭᠤᠤᠯ ᠠᠶᠢᠮᠠᠭ ᠲᠥᠷᠥᠯ ᠵᠦᠢᠯ ᠤᠨ ᠡᠬᠢᠨ ᠤ ᠬᠤᠭᠤᠴᠠᠭᠠᠨ ᠤ ᠵᠢᠭᠡᠯᠡᠯᠭᠡ᠂ ᠲᠥᠷᠥᠯ

ᠵᠦᠢᠯ ᠤᠨ ᠵᠢᠭᠡᠯᠡᠯᠭᠡ ᠵᠡᠷᠭᠡ ᠪᠠᠷ ᠭᠠᠷᠳᠠᠴᠠ ᠪᠣᠯᠭᠠᠨ᠂ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ 2.17

ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠷᠬᠠᠭᠠᠪᠠ᠃ ᠡᠭᠦᠨ ᠤ ᠬᠠᠮᠲᠤ᠂ ︽ᠤᠶᠤᠨᠲᠤ ᠮᠠᠯ ᠠᠵᠤ ᠠᠬᠤᠶ ᠶᠢᠨ

ᠵᠢᠭᠡᠯᠡᠯᠭᠡ︾ ︽ᠲᠦᠢᠯ ᠤᠨ ᠬᠤᠷᠳᠤᠴᠠᠲᠤ ᠵᠢᠭᠡᠯᠡᠯᠭᠡ︾ ᠵᠡᠷᠭᠡ ᠵᠢᠭᠡᠯᠡᠯᠭᠡ ᠶᠢᠨ ᠰᠢᠨ᠎ᠡ ᠦᠢᠯᠡᠳᠬᠦᠨ ᠤᠳ ᠢ

ᠡᠭᠦᠳᠦᠨ ᠭᠠᠷᠭᠠᠭᠠᠳ ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠬᠡᠪᠡᠯᠢ ᠳᠠᠬᠢ ᠵᠢᠴᠢ ᠡᠷᠬᠢᠨ ᠲᠣᠭᠤᠷᠢᠨ ᠤ

3455 ᠡᠷᠦᠬᠡ ᠶᠢᠨ ᠮᠠᠯᠴᠢᠨ ᠲᠠᠷᠢᠶᠠᠴᠢᠨ ᠳᠤ 6.79 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ

ᠬᠠᠩᠭᠠᠵᠤ᠂ 1692.42 ᠲᠦᠮᠡᠨ ᠮᠥ ᠣᠶ ᠮᠣᠳᠣ ᠶᠢ ᠲᠦᠭᠰᠢᠭᠦᠷᠢ ᠠᠴᠠ ᠰᠡᠷᠭᠡᠶᠢᠯᠡᠬᠦ ᠳᠤ ᠨᠢ 164.07

ᠳ᠋ᠦᠩᠰᠢᠭᠤᠷ ᠲᠦᠭᠦᠷᠢᠭ ᠤᠨ ᠪᠠᠲᠤᠯᠠᠭ᠎ᠠ ᠬᠠᠩᠭᠠᠪᠠ᠃

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号