ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 19 ᠤ ᠴᠠᠭᠢᠯᠭᠠᠨ ᠮᠡᠳᠡᠭᠡ ᠤᠯᠤᠰ ᠤᠨ | ᠲᠡᠷᠢᠭᠦᠯᠡᠭᠴᠢ ᠰᠢ ᠶᠢᠨ ᠫᠢᠩ 19 ᠤ ᠦᠳᠡ ᠶᠢᠨ ᠬᠤᠶᠢᠨ᠎ᠠ ᠣᠣᠮᠧᠨ ᠳᠤ ᠣᠣᠮᠧᠨ ᠣᠨᠴᠠᠭᠠᠢ ᠵᠠᠰᠠᠭ ᠵᠠᠬᠢᠷᠭᠠᠨ ᠤ | ᠣᠷᠣᠨ ᠤ ᠵᠠᠰᠠᠭ ᠵᠠᠬᠢᠷᠭ᠎ᠠ᠂ ᠬᠠᠤᠯᠢ ᠲᠣᠭᠲᠠᠭᠠᠬᠤ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ | ᠬᠠᠷᠢᠭᠤᠴᠠᠯᠭᠠᠲᠠᠨ ᠲᠠᠢ ᠠᠭᠤᠯᠵᠠᠪᠠ᠃19 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠣᠣᠮᠧᠨ ᠳᠤ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭ᠎ᠠ᠂ ᠬᠠᠤᠯᠢ ᠲᠣᠭᠲᠠᠭᠠᠬᠤ᠂ ᠬᠠᠤᠯᠢ | ᠴᠠᠭᠠᠵᠠ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠠᠢ ᠠᠭᠤᠯᠵᠠᠪᠠ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠵᠠᠢ ᠵᠢᠶᠠᠨ ᠯᠠᠨ ᠰᠡᠭᠦᠳᠡᠷᠯᠡᠪᠡ | ᠰᠢ ᠶᠢᠨ ᠫᠢᠩ᠂ 5 ᠵᠢᠯ ᠤᠨ ᠲᠤᠷᠰᠢ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠤᠨ ᠳᠠᠭᠠᠭᠤᠯᠭ᠎ᠠ ᠳᠣᠣᠷ᠎ᠠ | ᠣᠣᠮᠧᠨ ᠤ ᠵᠠᠰᠠᠭ ᠵᠠᠬᠢᠷᠭ᠎ᠠ᠂ ᠬᠠᠤᠯᠢ ᠲᠣᠭᠲᠠᠭᠠᠬᠤ᠂ ᠬᠠᠤᠯᠢ ᠴᠠᠭᠠᠵᠠ ᠶᠢᠨ ᠪᠠᠶᠢᠭᠤᠯᠤᠮᠵᠢ ︽ᠨᠢᠭᠡ ᠤᠯᠤᠰ ᠲᠤ | ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠢ᠂ ᠡᠷᠡᠰ ᠭᠤᠶᠢᠪᠢᠰᠢ ᠦᠭᠡᠢ | ᠲᠤᠭᠤᠰᠢᠯᠠᠭᠤᠯᠵᠤ᠂ ᠦᠨᠳᠦᠰᠦᠨ ᠬᠠᠤᠯᠢ ᠪᠠ ᠦᠨᠳᠦᠰᠦ ᠪᠤᠯᠬᠤ ᠬᠠᠤᠯᠢ ᠶᠢ ᠴᠢᠩᠭ᠎ᠠ ᠵᠢᠷᠤᠮᠯᠠᠨ ᠵᠠᠰᠠᠭ ᠶᠠᠪᠤᠭᠤᠯᠵᠤ | ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠠᠢ ᠶᠢ ᠡᠷᠬᠢᠮᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ᠣᠣᠮᠧᠨ ᠤ ᠬᠥᠭᠵᠢᠯ ᠴᠡᠴᠡᠭᠯᠡᠯ ᠲᠣᠭᠲᠠᠭᠤᠨ ᠬᠥᠭᠵᠢᠯᠲᠡ ᠳᠤ ᠶᠡᠭᠡ ᠬᠡᠮᠵᠢᠶᠡᠨ ᠤ ᠠᠵᠢᠯ ᠬᠢᠵᠦ᠂ | ᠠᠮᠵᠢᠯᠲᠠ ᠪᠦᠲᠦᠮᠵᠢ ᠢᠯᠡᠷᠬᠡᠢ ᠪᠠᠶᠢᠵᠤ ᠤᠯᠠᠨ ᠤ ᠠᠩᠬᠠᠷᠤᠯ ᠳᠤ ᠭᠦᠷᠪᠡ᠃ ᠲᠥᠪ ᠵᠠᠰᠠᠭ ᠤᠨ ᠣᠷᠳᠣᠨ ᠲᠤᠰ | ᠬᠤᠭᠤᠴᠠᠭᠠᠨ ᠤ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠠᠵᠢᠯ ᠢ ᠭᠦᠢᠴᠡᠳ ᠨᠤᠲᠠᠯᠠᠵᠤ᠂ | ᠳᠡᠭᠡᠳᠦ ᠬᠡᠮᠵᠢᠶ᠎ᠡ ᠪᠠᠷ ᠦᠨᠡᠯᠡᠵᠦ ᠪᠠᠶᠢᠨ᠎ᠠ ᠭᠡᠵᠦ ᠢᠯᠡᠳᠬᠡᠪᠡ᠃ | ᠰᠢ ᠶᠢᠨ ᠫᠢᠩ᠂ ᠬᠤᠭᠤᠴᠠᠭ᠎ᠠ ᠪᠦᠷᠢ ᠶᠢᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ | ᠨᠡᠶᠢᠭᠡᠮ ᠤᠨ ᠡᠯ᠎ᠡ ᠡᠲᠡᠭᠡᠳ ᠤᠨ ᠬᠢᠨ ᠢ ᠪᠦᠯᠬᠦᠮᠳᠡᠭᠦᠯᠦᠨ ᠦᠷᠭᠦᠯᠵᠢᠯᠡᠨ ᠲᠡᠮᠡᠴᠡᠬᠦ ᠪᠠᠷ ᠲᠠᠮᠵᠢᠨ ᠣᠣᠮᠧᠨ | ᠲᠠᠪᠠᠯᠳᠠᠳᠤ ᠬᠥᠭᠵᠢᠯᠲᠡ ᠶᠢ ᠪᠡᠶᠡᠯᠡᠭᠦᠯᠵᠦ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢᠨ | ᠣᠣᠮᠧᠨ ᠳᠠᠬᠢ ᠦᠢᠯᠡᠳᠦᠯᠭᠡ ᠯᠤᠲᠤ ᠶᠡᠭᠡ ᠠᠮᠵᠢᠯᠲᠠ ᠣᠯᠵᠠᠢ᠃ ᠦᠢᠯᠡᠰ ᠢ ᠦᠶ᠎ᠡ ᠦᠶ᠎ᠡ ᠶᠢᠨ ᠬᠥᠮᠥᠰ | ᠵᠠᠯᠭᠠᠮᠵᠢᠯᠠᠨ ᠬᠢᠵᠦ ᠪᠦᠲᠦᠭᠡᠭᠰᠡᠨ ᠶᠤᠮ᠃ ᠤᠯᠠᠨ ᠢᠶᠠᠷ ᠢᠶᠠᠨ ᠬᠤᠶᠢᠰᠢᠳᠠ ᠶᠠᠮᠠᠷ ᠠᠵᠢᠯ ᠤᠨ ᠪᠠᠶᠢᠷᠢ ᠳᠤ ᠪᠠᠶᠢᠭᠰᠠᠨ | ᠴᠤ ᠴᠥᠮ ᠰᠢᠨ᠎ᠡ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠪᠣᠯᠣᠨ ᠰᠢᠨ᠎ᠡ ᠬᠤᠭᠤᠴᠠᠭᠠᠨ ᠤ ᠣᠨᠴᠠᠭᠠᠢ ᠵᠠᠰᠠᠭ | ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠭᠦ ᠬᠦᠴᠦ ᠪᠠᠷ ᠢᠶᠠᠨ | ᠳᠡᠮᠵᠢᠵᠦ᠂ ᠣᠣᠮᠧᠨ ᠤ ᠬᠥᠭᠵᠢᠯᠲᠡ ᠳᠤ ᠦᠷᠭᠦᠯᠵᠢᠯᠡᠨ ᠬᠦᠴᠦᠨ ᠨᠡᠮᠡᠷᠢᠯᠡᠵᠦ᠂ ᠨᠡᠩ ᠰᠠᠶᠢᠨ ᠰᠠᠶᠢᠬᠠᠨ ᠣᠣᠮᠧᠨ ᠢ | ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃19 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠣᠣᠮᠧᠨ ᠳᠤ ᠣᠣᠮᠧᠨ ᠣᠨᠴᠠᠭᠠᠢ ᠵᠠᠰᠠᠭ | ᠵᠠᠬᠢᠷᠭᠠᠨ ᠤ ᠣᠷᠣᠨ ᠤ ᠰᠠᠬᠢᠯᠭ᠎ᠠ ᠪᠠᠲᠤ ᠶᠢᠨ ᠴᠡᠷᠢᠭ ᠠᠩᠭᠢ ᠶᠢᠨ ᠲᠥᠯᠥᠭᠡᠯᠡᠭᠴᠢᠳ ᠲᠠᠢ ᠠᠭᠤᠯᠵᠠᠪᠠ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠵᠠᠢ ᠵᠢᠶᠠᠨ ᠯᠠᠨ ᠰᠡᠭᠦᠳᠡᠷᠯᠡᠪᠡ | ᠲᠤᠰ ᠡᠳᠦᠷ ᠤᠨ ᠦᠳᠡ ᠶᠢᠨ ᠬᠤᠶᠢᠨ᠎ᠠ ᠰᠢ ᠶᠢᠨ ᠫᠢᠩ ᠪᠠᠰᠠ ᠣᠣᠮᠧᠨ ᠣᠨᠴᠠᠭᠠᠢ ᠵᠠᠰᠠᠭ ᠵᠠᠬᠢᠷᠭᠠᠨ ᠤ | ᠣᠷᠣᠨ ᠤ ᠰᠠᠬᠢᠯᠭ᠎ᠠ ᠪᠠᠲᠤ ᠶᠢᠨ ᠴᠡᠷᠢᠭ ᠠᠩᠭᠢ ᠶᠢᠨ ᠲᠥᠯᠥᠭᠡᠯᠡᠭᠴᠢᠳ ᠲᠠᠢ ᠠᠭᠤᠯᠵᠠᠪᠠ᠃ | ᠼᠠᠢ ᠴᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠸᠠᠩ ᠳ᠋ᠦᠩ ᠹᠧᠩ᠂ ᠰᠢᠶᠠ ᠪᠦᠦ | ᠯᠦᠩ ᠨᠠᠷ ᠳᠡᠭᠡᠷᠡᠬᠢ ᠠᠭᠤᠯᠵᠠᠯᠲᠠ ᠳᠤ ᠣᠷᠣᠯᠴᠠᠪᠠ᠃ | ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ᠂ | ᠲᠤᠰᠢᠶᠠᠯ ᠳᠤ ᠭᠠᠷᠬᠤ ᠪᠠᠷ ᠪᠠᠶᠢᠭ᠎ᠠ ᠵᠠᠰᠠᠭ ᠵᠠᠬᠢᠷᠭᠠᠨ ᠤ ᠳᠠᠷᠤᠭ᠎ᠠ ᠼᠧᠨ ᠬᠤᠤ ᠬᠤᠢ ᠪᠠᠰᠠ ᠬᠤᠯᠪᠣᠭᠳᠠᠯ ᠪᠦᠬᠦᠢ | ᠠᠭᠤᠯᠵᠠᠯᠲᠠ ᠳᠤ ᠣᠷᠣᠯᠴᠠᠵᠠᠢ᠃ | | |