2024 ᠣᠨ ᠤ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠢᠴᠢ ᠦᠨᠡᠨᠴᠢ ᠢᠲᠡᠭᠡᠮᠵᠢ ​ ᠶᠢᠨ ᠪᠠᠶᠢᠭᠤᠯᠤᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠪᠠ ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ ᠢ ᠡᠷᠭᠢᠯᠡᠵᠦ ᠵᠠᠩ ᠶᠠᠨ ᠺᠦᠨ ᠣᠷᠣᠯᠴᠠᠪᠠ
ᠨᠡᠶᠢᠲᠡᠯᠡᠭᠰᠡᠨ ᠴᠠᠭ᠄
2024/2/27
    2 ᠰᠠᠷ᠎ᠠ ᠶᠢᠨ 21 ᠤ ᠡᠳᠦᠷ᠂ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃

2 ᠰᠠᠷ᠎ᠠ ᠶᠢᠨ 21 ᠤ ᠡᠳᠦᠷ᠂ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ

ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠪᠠ᠃

   ᠰᠤᠷᠪᠤᠯᠵᠢᠯᠠᠬᠴᠢ ᠮᠠ ᠵᠢᠶᠠᠨ ᠴᠢᠤᠸᠠᠨ ᠰᠡᠭᠦᠳᠡᠷᠯᠡᠪᠡ

   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ

ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ

ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ

ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ

ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠵᠠᠢ᠃

   ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠲᠥᠪᠯᠡᠷᠡᠨ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ

ᠣᠷᠣᠭᠤᠯᠤᠨ ᠠᠪᠴᠢᠷᠠᠭᠰᠠᠨ ᠠᠵᠢᠯ ᠤᠨ ᠪᠣᠳᠠᠲᠤ ᠲᠡᠮᠳᠡᠭᠯᠡᠯ ᠤᠨ ᠹᠢᠯᠢᠮ ᠢ ᠦᠵᠡᠪᠡ᠃ ᠥᠪᠡᠷᠲᠡᠭᠡᠨ ᠵᠠᠰᠠᠬᠤ ᠣᠷᠣᠨ ᠤ

ᠳᠡᠳ᠋ ᠲᠡᠷᠢᠭᠦᠯᠡᠭᠴᠢ ᠶᠠᠩ ᠶᠢᠨ ︽2023 ᠣᠨ ᠤ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ

ᠠᠪᠴᠢᠷᠠᠬᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠭᠰᠠᠨ ᠲᠡᠷᠢᠭᠦᠨ ᠤ ᠠᠶᠢᠮᠠᠭ ᠬᠤᠲᠠ ᠪᠣᠯᠣᠨ

ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠤᠨ ᠲᠡᠷᠢᠭᠦᠨ ᠤ ᠬᠠᠮᠲᠤ ᠲᠡᠷᠢᠭᠦᠨ ᠤ ᠬᠤᠪᠢ

ᠬᠥᠮᠥᠨ ᠢ ᠱᠠᠩᠨᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ

ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠤᠩᠰᠢᠨ ᠨᠡᠶᠢᠲᠡᠯᠡᠪᠡ᠃ ᠥᠪᠡᠷᠲᠡᠭᠡᠨ ᠵᠠᠰᠠᠬᠤ

ᠣᠷᠣᠨ ᠤ ᠤᠳᠤᠷᠢᠳᠤᠯᠭ᠎ᠠ 2023 ᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠤᠨ

ᠬᠢᠨᠠᠨ ᠰᠢᠯᠭᠠᠯᠲᠠ ᠪᠠ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ ᠦᠨᠡᠯᠡᠯᠲᠡ ᠶᠢᠨ ᠲᠡᠷᠢᠭᠦᠨ ᠤ ᠠᠶᠢᠮᠠᠭ ᠬᠤᠲᠠ᠂

ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠤᠨ ᠲᠡᠷᠢᠭᠦᠨ ᠤ ᠬᠠᠮᠲᠤ ᠪᠠ ᠲᠡᠷᠢᠭᠦᠨ ᠤ

ᠬᠤᠪᠢ ᠬᠥᠮᠥᠨ ᠤ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂

ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ

ᠢᠨᠵᠧᠨᠧᠷᠢᠩ ᠤᠨ ᠬᠡᠷᠡᠭᠵᠢᠭᠦᠯᠬᠦ ᠲᠥᠰᠥᠯ᠂ ᠡᠭᠦᠷᠭᠡ ᠶᠢᠨ ᠨᠠᠷᠢᠨ ᠲᠠᠩᠰᠠ ᠵᠢᠴᠢ ᠪᠣᠳᠠᠲᠠᠢ ᠠᠷᠭ᠎ᠠ ᠬᠡᠮᠵᠢᠶ᠎ᠡ ᠶᠢ

ᠲᠣᠭᠲᠠᠭᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃

   ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ

ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠶᠢᠨ ᠪᠢᠳᠡᠨ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠳᠤ

ᠡᠷᠬᠡᠪᠰᠢ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠠᠳᠬᠤᠬᠤ ᠶᠢ ᠳᠡᠭᠡᠳᠦ ᠬᠡᠮᠵᠢᠶ᠎ᠡ ᠪᠠᠷ

ᠴᠢᠬᠤᠯᠠᠴᠢᠯᠠᠬᠤ ᠬᠡᠷᠡᠭᠲᠡᠢ᠃ ᠨᠢᠳᠤᠨᠤᠨ ᠤ ᠮᠠᠨ ᠤ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ

ᠠᠪᠴᠢᠷᠠᠭᠰᠠᠨ ᠠᠵᠢᠯ ᠤᠨ ᠦᠷ᠎ᠡ ᠪᠦᠲᠦᠮᠵᠢ ᠲᠣᠪᠤᠶᠢᠮ᠎ᠠ ᠪᠠᠶᠢᠵᠤ᠂ ᠡᠨᠡ ᠵᠢᠯ ᠪᠠᠰᠠ ᠨᠢᠭᠡ ᠪᠦᠯᠦᠭ ᠰᠠᠶᠢᠨ ᠲᠥᠷᠥᠯ

ᠵᠦᠢᠯ ᠢ ᠣᠷᠣᠭᠤᠯᠤᠨ ᠠᠪᠴᠢᠷᠠᠵᠤ᠂ ᠨᠢᠭᠡ ᠨᠢᠭᠡ ᠵᠢᠯ ᠢᠶᠠᠷ ᠴᠢᠷᠮᠠᠶᠢᠪᠠᠯ ᠳᠠᠷᠤᠢ ᠲᠦᠷᠭᠡᠨ ᠬᠥᠭᠵᠢᠬᠦ ᠰᠠᠶᠢᠨ ᠰᠠᠶᠢᠬᠠᠨ

ᠣᠷᠴᠢᠯ ᠢ ᠪᠤᠶ ᠪᠤᠯᠭᠠᠵᠤ ᠴᠢᠳᠠᠨ᠎ᠠ᠃ ᠪᠦᠭᠦ ᠣᠷᠣᠨ ᠤ ᠡᠯ᠎ᠡ ᠱᠠᠲᠤᠨ ᠤ ᠬᠢᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ

ᠶᠡᠭᠡ ᠪᠠᠷ ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠨ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂

ᠣᠨ ᠤ ᠬᠠᠷᠠᠯᠲᠠ ᠡᠭᠦᠷᠭᠡ ᠪᠠᠨ ᠪᠦᠭᠦ ᠬᠦᠴᠦᠨ ᠢᠶᠠᠷ ᠢᠶᠠᠨ ᠪᠡᠶᠡᠯᠡᠭᠦᠯᠵᠦ᠂ ᠨᠠᠩ ᠰᠠᠶᠢᠨ ᠬᠢᠷᠢ ᠪᠦᠲᠦᠮᠵᠢ ᠣᠯᠬᠤ ᠪᠠᠷ

ᠴᠢᠷᠮᠠᠶᠢᠬᠤ ᠬᠡᠷᠡᠭᠲᠡᠢ᠃ ᠪᠡᠯᠡ ᠮᠥᠩᠭᠦ ᠶᠢ ᠣᠷᠣᠨ ᠪᠠᠶᠢᠷᠢ ᠳᠤᠨᠢ ᠬᠦᠷᠭᠡᠭᠰᠡᠨ ᠪᠠ ᠪᠠᠷᠢᠯᠭ᠎ᠠ ᠶᠢᠨ ᠠᠵᠢᠯ ᠢ ᠡᠬᠢᠯᠡᠭᠦᠯᠦᠭᠰᠡᠨ

ᠲᠦᠷᠦᠯ ᠵᠦᠢᠯ ᠢᠶᠠᠷ ᠦᠷ᠎ᠡ ᠪᠦᠲᠦᠮᠵᠢ ᠶᠢ ᠦᠨᠡᠯᠡᠵᠦ᠂ ᠪᠣᠳᠠᠲᠠᠢ ᠠᠴᠢ ᠬᠤᠯᠪᠣᠭᠳᠠᠯ ᠦᠭᠡᠢ ᠬᠢᠨᠠᠨ ᠰᠢᠯᠭᠠᠬᠤ

ᠭᠦᠢᠴᠡᠳᠬᠡᠯ ᠲᠤᠭ᠎ᠠ ᠪᠠ ᠱᠠᠩᠨᠠᠯ ᠤᠨ ᠲᠦᠷᠦᠯ ᠵᠦᠢᠯ ᠢ ᠲᠣᠬᠢᠷᠠᠭᠤᠯᠬᠤ ᠶᠢ ᠪᠠᠭᠠᠰᠬᠠᠵᠤ᠂ ᠶᠠᠷᠰᠢᠭ ᠲᠦᠪᠡᠭ ᠲᠠᠢ

ᠪᠠᠶᠢᠭᠰᠠᠨ ᠢ ᠳᠥᠭᠦᠮᠴᠢᠯᠡᠵᠦ᠂ ᠲᠡᠩᠴᠡᠭᠦᠷᠢᠰᠢᠭᠦᠯᠦᠨ ᠬᠠᠷᠠᠭᠠᠯᠵᠠᠬᠤ ᠠᠷᠭ᠎ᠠ ᠭᠡᠯᠪᠡᠷᠢ ᠶᠢ ᠲᠡᠪᠴᠢᠵᠦ᠂ ᠨᠠᠷᠢᠯᠢᠭ᠂

ᠣᠨᠣᠪᠴᠢᠲᠠᠢ ᠪᠠᠷ᠂ ᠪᠣᠳᠠᠲᠠᠢ ᠭᠠᠵᠠᠷ ᠲᠤᠨᠢ ᠰᠢᠯᠭᠠᠨ ᠦᠨᠡᠯᠡᠨ ᠱᠠᠩᠨᠠᠵᠤ᠂ ᠠᠯᠢᠪᠠ ᠪᠦᠭᠦᠨ ᠳᠤ ᠦᠷ᠎ᠡ ᠳ᠋ᠦᠩ ᠢ

ᠦᠵᠡᠵᠦ᠂ ᠪᠣᠳᠠᠲᠤ ᠦᠷ᠎ᠡ ᠪᠦᠲᠦᠮᠵᠢ ᠪᠠᠷ ᠦᠨᠡᠯᠡᠬᠦ ᠬᠡᠷᠡᠭᠲᠡᠢ᠃ ᠬᠡᠯᠪᠡᠷᠢᠴᠢ ᠦᠵᠡᠯ ᠢ ᠡᠷᠡᠰ ᠡᠰᠡᠷᠭᠦᠴᠡᠵᠦ᠂ ᠬᠦᠴᠦᠨ

ᠴᠢᠳᠠᠯ ᠢᠶᠠᠨ ᠭᠦᠷ ᠨᠠᠷᠭᠢᠶᠠᠨ ᠲᠠᠢ ᠠᠵᠢᠯᠯᠠᠭ᠎ᠠ ᠥᠷᠨᠢᠭᠦᠯᠬᠦ ᠳᠡᠭᠡᠷ᠎ᠡ ᠲᠠᠯᠪᠢᠵᠤ ᠪᠤᠯᠬᠤ ᠦᠭᠡᠢ᠂ ᠶᠠᠩᠵᠤ ᠦᠵᠡᠭᠦᠯᠵᠦ

ᠰᠦᠷ ᠮᠠᠨᠳᠤᠭᠤᠯᠬᠤ ᠮᠠᠶ᠋ᠢᠭ ᠤᠨ ᠠᠷᠠᠯᠵᠢᠶᠠᠴᠢᠨ ᠤᠷᠢᠬᠤ ᠶᠡᠭᠡ ᠴᠤᠭᠯᠠᠭᠠᠨ᠂ ᠭᠡᠷ᠎ᠡ ᠲᠣᠭᠲᠠᠬᠤ ᠶᠣᠰᠣᠯᠠᠯ᠂ ᠵᠣᠯᠭᠠᠭᠤᠯᠬᠤ

ᠠᠵᠢᠯᠯᠠᠭ᠎ᠠ ᠥᠷᠨᠢᠭᠦᠯᠬᠦ ᠶᠢ ᠴᠢᠩᠭ᠎ᠠ ᠴᠠᠭᠠᠵᠠᠯᠠᠵᠤ᠂ ᠠᠯᠢ ᠴᠢᠳᠠᠬᠤ ᠪᠠᠷ ᠴᠡᠭ ᠠᠴᠠ ᠴᠡᠭ ᠲᠤ ᠬᠦᠷᠬᠦ ᠠᠷᠭ᠎ᠠ ᠶᠢ ᠠᠪᠴᠤ

ᠤᠨᠢᠨ ᠳᠡᠭᠡᠷ᠎ᠡ ᠨᠢ ᠠᠷᠠᠯᠵᠢᠶᠠᠴᠢᠨ ᠤᠷᠢᠵᠤ᠂ ᠬᠡᠯᠡᠯᠴᠡᠭᠡ ᠬᠢᠪᠡᠯ ᠵᠥᠪᠯᠡᠯᠴᠡᠭᠡᠷ ᠲᠣᠭᠲᠠᠵᠤ᠂ ᠵᠥᠪᠯᠡᠯᠴᠡᠭᠡᠷ ᠲᠣᠭᠲᠠᠪᠠᠯ

ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠬᠡᠷᠡᠭᠲᠡᠢ᠃ ᠠᠷᠠᠯᠵᠢᠶᠠᠴᠢᠨ ᠤᠷᠢᠬᠤ ᠠᠵᠢᠯᠯᠠᠭ᠎ᠠ ᠶᠢ ᠦᠨᠡᠨ ᠬᠦ ᠡᠷᠭᠢᠯᠡᠭᠦ

ᠴᠢᠬᠤᠯᠠᠲᠠᠢ ᠪᠣᠯ ᠳᠥᠭᠦᠮ ᠠᠪᠰᠠᠷᠬᠠᠨ ᠮᠥᠷᠲᠡᠭᠡᠨ ᠪᠣᠳᠠᠲᠠᠢ ᠶᠢ ᠡᠷᠭᠢᠮᠯᠡᠭᠦ ᠬᠡᠷᠡᠭᠲᠡᠢ᠃ ᠨᠠᠶᠢᠳᠠᠪᠤᠷᠢᠵᠢᠭᠤᠯᠬᠤ

ᠦᠢᠯᠡᠴᠢᠯᠡᠭᠡ ᠶᠢᠨ ᠰᠡᠭᠦᠯᠴᠢ ᠶᠢᠨ ᠬᠡᠰᠡᠭ ᠠᠵᠢᠯ ᠢ ᠰᠠᠶᠢᠲᠤᠷ ᠬᠢᠵᠦ᠂ ᠲᠦᠷᠦᠯ ᠵᠦᠢᠯ ᠢ ᠬᠢᠨᠠᠨ ᠵᠥᠪᠰᠢᠶᠡᠷᠡᠬᠦ ᠭᠠᠷ

ᠭᠦᠢᠴᠡᠳᠬᠡᠯ ᠤᠨ ᠴᠠᠭ ᠢ ᠶᠡᠭᠡ ᠪᠠᠷ ᠪᠣᠭᠤᠨᠢᠰᠬᠠᠵᠤ᠂ ᠪᠦᠭᠦ ᠲᠠᠯ᠎ᠠ ᠪᠠᠷ ᠪᠦᠭᠦ ᠶᠠᠪᠤᠴᠠ ᠳᠤ ᠮᠥᠷᠳᠡᠨ ᠦᠢᠯᠡᠴᠢᠯᠡᠵᠦ᠂

ᠭᠠᠳᠠᠨ᠎ᠠ ᠠᠴᠠ ᠢᠷᠡᠭᠰᠡᠨ ᠠᠵᠤ ᠠᠬᠤᠶᠢᠯᠠᠯ ᠪᠣᠯᠣᠨ ᠲᠤᠬᠠᠢ ᠶᠢᠨ ᠭᠠᠵᠠᠷ ᠤᠨ ᠠᠵᠤ ᠠᠬᠤᠶᠢᠯᠠᠯ᠂ ᠤᠯᠤᠰ ᠤᠨ

ᠥᠮᠴᠢᠯᠡᠯ ᠤᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠲᠣᠮᠣ ᠠᠵᠤ ᠠᠬᠤᠶᠢᠯᠠᠯ

ᠪᠣᠯᠣᠨ ᠪᠠᠭ᠎ᠠ ᠠᠵᠤ ᠠᠬᠤᠶᠢᠯᠠᠯ᠂ ᠰᠢᠨ᠎ᠡ ᠠᠵᠤ ᠠᠬᠤᠶᠢᠯᠠᠯ ᠪᠣᠯᠣᠨ ᠬᠠᠭᠤᠴᠢᠨ ᠠᠵᠤ ᠠᠬᠤᠶᠢᠯᠠᠯ ᠳᠤ ᠠᠳᠠᠯᠢ ᠲᠡᠭᠰᠢ ᠪᠠᠷ

ᠬᠠᠨᠳᠤᠵᠤ᠂ ᠠᠵᠤ ᠠᠬᠤᠶᠢᠯᠠᠯ ᠢ ᠨᠤᠲᠤᠭᠰᠢᠭᠤᠯᠵᠤ᠂ ᠦᠨᠳᠦᠰᠦᠯᠡᠭᠦᠯᠵᠦ᠂ ᠰᠠᠶᠢᠲᠤᠷ ᠬᠥᠭᠵᠢᠭᠦᠯᠬᠦ ᠬᠡᠷᠡᠭᠲᠡᠢ ᠭᠡᠵᠡᠢ᠃

   ᠰᠦᠨ ᠱᠤᠤ ᠴᠧᠩ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠶᠡᠭᠡ ᠪᠠᠷ

ᠠᠳᠬᠤᠬᠤ ᠳᠤ ᠡᠷᠬᠡᠪᠰᠢ ᠬᠤᠳᠠᠯᠳᠤᠭ᠎ᠠ ᠡᠷᠭᠢᠯᠡᠭᠦ ᠰᠠᠶᠢᠨ ᠰᠠᠶᠢᠬᠠᠨ ᠣᠷᠴᠢᠨ ᠨᠥᠬᠦᠴᠡᠯ ᠪᠠᠶᠢᠬᠤ ᠬᠡᠷᠡᠭᠲᠡᠢ᠂

ᠬᠤᠳᠠᠯᠳᠤᠭ᠎ᠠ ᠡᠷᠭᠢᠯᠡᠭᠦ ᠰᠠᠶᠢᠨ ᠰᠠᠶᠢᠬᠠᠨ ᠣᠷᠴᠢᠨ ᠨᠥᠬᠦᠴᠡᠯ ᠨᠢ ᠡᠩ ᠲᠡᠷᠢᠭᠦᠨ ᠳᠤ ᠦᠨᠡᠨᠴᠢ ᠰᠢᠳᠤᠷᠭᠤ᠂ ᠦᠨᠡᠨᠴᠢ

ᠢᠲᠡᠭᠡᠮᠵᠢᠲᠡᠢ ᠪᠠᠶᠢᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ ᠡᠨᠡ ᠵᠢᠯ ᠤᠨ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶ᠎ᠠ ᠠᠴᠠ ᠬᠦᠴᠦᠯᠡᠨ ᠠᠬᠢᠭᠤᠯᠵᠤ ᠪᠠᠶᠢᠭ᠎ᠠ ᠴᠢᠬᠤᠯᠠ ᠶᠡᠭᠡ ᠢᠨᠵᠧᠨᠧᠷᠢᠩ ᠮᠥᠨ᠂ ᠰᠣᠶᠣᠯ ᠢ

ᠪᠤᠶᠢᠵᠢᠭᠤᠯᠬᠤ᠂ ᠶᠣᠰᠣ ᠳᠦᠷᠢᠮ ᠢ ᠲᠣᠭᠲᠠᠭᠠᠬᠤ᠂ ᠴᠢᠩᠭ᠎ᠠ ᠬᠠᠮᠢᠶᠠᠷᠬᠤ᠂ ᠱᠠᠩᠨᠠᠵᠤ ᠲᠣᠷᠭᠠᠬᠤ ᠶᠢ ᠲᠣᠳᠣᠷᠬᠠᠢ

ᠪᠠᠶᠢᠯᠭᠠᠬᠤ᠂ ᠬᠤᠷᠢᠭ᠎ᠠ ᠱᠤᠭᠤᠮ ᠢ ᠰᠠᠬᠢᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠵᠠᠰᠠᠭ ᠤᠨ ᠶᠠᠪᠤᠳᠠᠯ ᠤᠨ

ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂

ᠬᠠᠤᠯᠢ ᠴᠠᠭᠠᠵᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠰᠠᠶᠢᠲᠤᠷ ᠠᠳᠬᠤᠵᠤ᠂ ᠡᠨᠡ ᠬᠦ

ᠢᠨᠵᠧᠨᠧᠷᠢᠩ ᠢ ᠴᠢᠨᠠᠷ ᠰᠠᠶᠢᠲᠠᠢ ᠢᠨᠵᠧᠨᠧᠷᠢᠩ ᠪᠤᠯᠭᠠᠬᠤ ᠪᠠᠷ ᠴᠢᠷᠮᠠᠶᠢᠬᠤ ᠬᠡᠷᠡᠭᠲᠡᠢ᠃ ᠥᠪᠥᠷ ᠮᠣᠩᠭᠤᠯ ᠤᠨ

ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠦᠨᠡᠨᠴᠢ ᠢᠲᠡᠭᠡᠮᠵᠢ ᠶᠢ ᠪᠠᠷᠢᠮᠲᠠᠯᠠᠨ ᠠᠮᠠᠯᠠᠯᠲᠠ ᠪᠠᠨ ᠭᠦᠢᠴᠡᠳᠬᠡᠬᠦ

ᠰᠢᠯᠢᠳᠡᠭ ᠤᠯᠠᠮᠵᠢᠯᠠᠯ ᠢ ᠰᠠᠶᠢᠲᠤᠷ ᠤᠯᠠᠮᠵᠢᠯᠠᠵᠤ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠬᠤ ᠶᠢ ᠤᠮᠠᠷᠠᠲᠤ

ᠬᠢᠯᠢ ᠶᠢᠨ ᠰᠣᠶᠣᠯ ᠢ ᠴᠣᠭᠴᠠᠯᠠᠬᠤ ᠴᠢᠬᠤᠯᠠ ᠠᠭᠤᠯᠭ᠎ᠠ ᠪᠤᠯᠭᠠᠵᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠢ

ᠥᠷᠭᠡᠨ ᠢᠶᠠᠷ ᠥᠷᠨᠢᠭᠦᠯᠵᠦ᠂ ᠦᠨᠡᠨᠴᠢ ᠢᠲᠡᠭᠡᠮᠵᠢ ᠶᠢᠨ ᠳᠦᠷᠢ ᠲᠥᠷᠬᠦ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ

ᠢᠳᠡᠪᠬᠢᠲᠡᠢ ᠥᠷᠨᠢᠭᠦᠯᠵᠦ᠂ ᠢᠲᠡᠭᠡᠮᠵᠢ ᠶᠢ ᠮᠡᠳᠡᠬᠦ᠂ ᠢᠲᠡᠭᠡᠮᠵᠢ ᠶᠢ ᠴᠢᠬᠤᠯᠠᠴᠢᠯᠠᠬᠤ᠂ ᠢᠲᠡᠭᠡᠮᠵᠢ ᠶᠢ ᠰᠠᠬᠢᠬᠤ ᠶᠢ ᠪᠦᠭᠦ

ᠨᠡᠶᠢᠭᠡᠮ ᠤᠨ ᠤᠬᠠᠮᠰᠠᠷᠲᠤ ᠬᠥᠭᠡᠭᠡᠴᠡᠯᠳᠦᠯ ᠪᠤᠯᠭᠠᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠣᠷᠣᠨ

ᠨᠤᠲᠤᠭ ᠤᠨ ᠬᠠᠤᠯᠢ ᠲᠣᠭᠲᠠᠭᠠᠯᠲᠠ ᠶᠢ ᠲᠦᠷᠭᠡᠳᠬᠡᠵᠦ᠂ ᠦᠨᠡᠨᠴᠢ ᠢᠲᠡᠭᠡᠮᠵᠢ ᠶᠢᠨ ᠠᠮᠠᠯᠠᠯᠲᠠ᠂ ᠦᠨᠡᠯᠡᠯᠲᠡ᠂ ᠬᠢᠨᠠᠯᠲᠠ

ᠬᠠᠮᠢᠶᠠᠷᠤᠯᠲᠠ ᠵᠡᠷᠭᠡ ᠳᠦᠷᠢᠮ ᠲᠣᠭᠲᠠᠴᠠ ᠶᠢ ᠪᠦᠷᠢᠨᠰᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠲᠠᠭᠤ

ᠬᠦᠯᠢᠶᠡᠰᠦᠯᠡᠯ ᠢ ᠪᠣᠳᠠᠲᠠᠶᠢᠵᠢᠭᠤᠯᠵᠤ᠂ ᠴᠢᠩᠭᠠᠳᠬᠠᠬᠤ ᠬᠡᠷᠡᠭᠲᠡᠢ᠃ ᠨᠡᠶᠢᠭᠡᠮ ᠤᠨ ᠦᠨᠡᠨᠴᠢ ᠢᠲᠡᠭᠡᠮᠵᠢ ᠶᠢᠨ ᠮᠡᠳᠡᠭᠡ

ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢᠨ

ᠬᠡᠷᠡᠭᠯᠡᠭᠡᠨ ᠤ ᠦᠵᠡᠭᠳᠡᠯ ᠪᠠᠶᠢᠳᠠᠯ ᠢ ᠥᠷᠭᠡᠳᠬᠡᠵᠦ᠂ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ

ᠶᠡᠭᠡ ᠪᠠᠷ ᠬᠥᠭᠵᠢᠭᠦᠯᠵᠦ᠂ ᠪᠦᠭᠦ ᠲᠠᠯ᠎ᠠ ᠶᠢᠨ ᠪᠦᠭᠦᠨ ᠢ ᠪᠦᠷᠬᠦᠭᠦᠯᠦᠭᠰᠡᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ

ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠬᠤᠪᠢ ᠬᠤᠷᠠᠮᠳᠤᠭᠤᠯᠬᠤ

ᠳᠦᠷᠢᠮ ᠢ ᠢᠳᠡᠪᠬᠢᠲᠡᠢ ᠬᠡᠷᠡᠭᠵᠢᠭᠦᠯᠵᠦ᠂ ᠬᠤᠷᠠᠮᠳᠤᠭᠤᠯᠤᠭᠰᠠᠨ ᠬᠤᠪᠢ ᠨᠢ ᠥᠨᠳᠥᠷ ᠢᠲᠡᠭᠡᠮᠵᠢ ᠶᠢᠨ ᠭᠤᠣᠯ

ᠴᠣᠭᠴᠠ ᠳᠤ ᠤᠯᠠᠨ ᠲᠠᠯ᠎ᠠ ᠪᠠᠷ ᠬᠠᠷᠠᠭᠠᠯᠵᠠᠯ ᠦᠵᠡᠭᠦᠯᠵᠦ᠂ ᠢᠲᠡᠭᠡᠮᠵᠢ ᠪᠠᠨ ᠠᠯᠳᠠᠭᠰᠠᠨ ᠠᠵᠤ ᠠᠬᠤᠶᠢᠯᠠᠯ᠂ ᠬᠤᠪᠢ

ᠬᠥᠮᠥᠨ᠂ ᠭᠤᠷᠪᠠᠳᠤᠭᠠᠷ ᠡᠲᠡᠭᠡᠳ ᠤᠨ ᠪᠠᠶᠢᠭᠤᠯᠤᠮᠵᠢ ᠪᠣᠯᠣᠨ ᠨᠠᠮ ᠵᠠᠰᠠᠭ ᠤᠨ ᠪᠠᠶᠢᠭᠤᠯᠭ᠎ᠠ᠂ ᠤᠯᠤᠰ ᠤᠨ ᠥᠮᠴᠢᠯᠡᠯ ᠤᠨ

ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ

ᠡᠷᠴᠢᠮ ᠢᠶᠠᠨ ᠴᠢᠩᠭᠠᠷᠠᠭᠤᠯᠵᠤ᠂ ᠢᠲᠡᠭᠡᠮᠵᠢ ᠲᠠᠢ ᠪᠣᠯ ᠬᠠᠮᠢᠭ᠎ᠠ ᠣᠴᠢᠭᠰᠠᠨ ᠴᠤ ᠢᠯᠭᠤᠮ ᠰᠢᠯᠤᠭᠤᠨ᠂ ᠢᠲᠡᠭᠡᠯ ᠢᠶᠠᠨ

ᠠᠯᠳᠠᠪᠠᠯ ᠨᠢᠭᠡ ᠠᠯᠬᠤᠮ ᠤᠷᠤᠭᠰᠢᠯᠠᠬᠤ ᠳᠤ ᠪᠡᠷᠬᠡ ᠪᠤᠯᠭᠠᠬᠤ ᠬᠡᠷᠡᠭᠲᠡᠢ᠃ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ

ᠦᠨᠡᠨᠴᠢ ᠢᠲᠡᠭᠡᠮᠵᠢ ᠳᠤ ᠬᠤᠯᠪᠣᠭᠳᠠᠭᠰᠠᠨ ᠬᠡᠷᠡᠭ ᠢ ᠲᠥᠪ ᠭᠤᠣᠯᠴᠢ ᠪᠠᠷ ᠲᠠᠰᠤᠯᠵᠤ᠂ ᠲᠠᠰᠤᠯᠤᠯᠳᠠ ᠶᠢ ᠭᠦᠢᠴᠡᠳᠬᠡᠬᠦ

ᠨᠤᠷᠮ᠎ᠠ ᠶᠢ ᠳᠡᠭᠡᠭᠰᠢᠯᠡᠭᠦᠯᠦᠨ᠂ ᠬᠤᠳᠠᠯ ᠬᠠᠭᠤᠷᠮᠠᠭ ᠢᠶᠠᠷ ᠵᠠᠷᠭᠤ ᠬᠢᠬᠦ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠵᠦ᠂

ᠦᠨᠡᠨᠴᠢ ᠢᠲᠡᠭᠡᠮᠵᠢ ᠶᠢᠨ ︽ᠡᠴᠦᠰ ᠤᠨ ᠨᠢᠭᠡ ᠰᠡᠷᠭᠡᠶᠢᠯᠡᠯᠲᠡ ᠶᠢᠨ ᠱᠤᠭᠤᠮ︾ ᠢ ᠰᠠᠶᠢᠲᠤᠷ ᠰᠠᠬᠢᠬᠤ ᠬᠡᠷᠡᠭᠲᠡᠢ᠃

ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠣᠯ ᠨᠡᠶᠢᠭᠡᠮ ᠤᠨ ᠦᠨᠡᠨᠴᠢ ᠢᠲᠡᠭᠡᠮᠵᠢ ᠶᠢᠨ ᠵᠦᠭᠯᠡᠭᠦᠷ ᠮᠥᠨ᠂ ᠡᠯ᠎ᠡ

ᠱᠠᠲᠤᠨ ᠤ ᠨᠠᠮ ᠵᠠᠰᠠᠭ ᠤᠨ ᠪᠠᠶᠢᠭᠤᠯᠭ᠎ᠠ ᠲᠦᠷᠦᠭᠦᠯᠡᠨ ᠬᠡᠯᠡᠭᠰᠡᠨ ᠳᠡᠭᠡᠨ ᠰᠠᠭᠤᠵᠤ᠂ ᠬᠦᠯᠢᠶᠡᠵᠦ ᠠᠪᠤᠭᠰᠠᠨ ᠶᠠᠪᠤᠳᠠᠯ ᠢᠶᠠᠨ

ᠨᠢᠭᠡᠳ ᠨᠢᠭᠡ ᠪᠠᠷ ᠪᠠᠲᠤᠲᠠᠢ ᠭᠦᠢᠴᠡᠳᠬᠡᠵᠦ᠂ ᠠᠮᠠᠯᠳᠠᠭᠰᠠᠨ ᠶᠠᠪᠤᠳᠠᠯ ᠢᠶᠠᠨ ᠥᠴᠥᠬᠡᠨ ᠴᠤ ᠣᠰᠣᠯᠳᠠᠬᠤ ᠦᠭᠡᠢ ᠬᠢᠨᠠᠭᠤᠷ

ᠯᠠᠪᠳᠠᠭᠤᠨ ᠪᠡᠶᠡᠯᠡᠭᠦᠯᠬᠦ ᠬᠡᠷᠡᠭᠲᠡᠢ᠃ ᠨᠠᠮ ᠤᠨ ᠭᠡᠰᠢᠭᠦᠨ ᠺᠠᠳ᠋ᠷ ᠪᠦᠷᠢ ᠴᠥᠮ ᠦᠨᠡᠨᠴᠢ ᠪᠠᠶᠢᠬᠤ ᠪᠠᠷ ᠥᠪᠡᠷ ᠢ ᠪᠠᠨ

ᠪᠠᠷᠢᠮᠵᠢᠶᠠᠯᠠᠵᠤ᠂ ᠪᠤᠰᠤᠳ ᠲᠤ ᠬᠠᠨᠳᠤᠬᠤ ᠳᠠᠭᠠᠨ ᠢᠲᠡᠭᠡᠮᠵᠢ ᠲᠠᠢ ᠪᠠᠶᠢᠵᠤ᠂ ᠦᠨᠡᠨᠴᠢ ᠢᠲᠡᠭᠡᠮᠵᠢ ᠲᠠᠢ ᠥᠪᠥᠷ

ᠮᠣᠩᠭᠤᠯ ᠤᠨ ︽ᠣᠷᠣᠯᠠᠨ ᠥᠭᠦᠯᠡᠭᠴᠢ︾ ᠪᠤᠯᠬᠤ ᠬᠡᠷᠡᠭᠲᠡᠢ ᠭᠡᠪᠡ᠃

   ᠡᠯ᠎ᠡ ᠠᠶᠢᠮᠠᠭ ᠬᠤᠲᠠ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ

ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ᠂

ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠬᠤᠯᠪᠣᠭᠳᠠᠯ ᠪᠦᠬᠦᠢ ᠨᠢᠭᠡᠴᠢ ᠪᠣᠯᠣᠨ ᠬᠡᠰᠡᠭ ᠮᠥᠩᠭᠦᠨ

ᠭᠦᠢᠯᠭᠡᠭᠡᠨ ᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠥᠬᠦᠳ᠂ ᠠᠷᠠᠳ ᠤᠨ ᠡᠵᠡᠩᠨᠡᠯᠲᠡ ᠶᠢᠨ ᠠᠵᠤ

ᠠᠬᠤᠶᠢᠯᠠᠯ ᠪᠣᠯᠣᠨ ᠬᠤᠳᠠᠯᠳᠤᠭᠠᠴᠢᠳ ᠤᠨ ᠡᠪᠯᠡᠯ ᠤᠨ ᠲᠥᠯᠥᠭᠡᠯᠡᠭᠴᠢ᠂ ᠠᠷᠠᠯᠵᠢᠶᠠᠴᠢᠨ ᠤᠷᠢᠵᠤ ᠪᠡᠯᠡ ᠮᠥᠩᠭᠦ

ᠣᠷᠣᠭᠤᠯᠤᠨ ᠠᠪᠴᠢᠷᠠᠭᠰᠠᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠤ ᠲᠥᠯᠥᠭᠡᠯᠡᠭᠴᠢ ᠬᠤᠷᠠᠯ ᠳᠤ

ᠣᠷᠣᠯᠴᠠᠵᠠᠢ᠃ ᠡᠯ᠎ᠡ ᠠᠶᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ

ᠲᠣᠬᠢᠷᠠᠭᠤᠯᠪᠠ᠃

 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号